ᠲᠠᠶᠢᠹᠤᠰᠧ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/2/27
   2024 ᠤᠨ ᠳᠤ᠂ ᠲᠠᠶᠢᠹᠤᠰᠧ ᠬᠤᠰᠢᠭᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠢᠵᠠᠭᠠᠷᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 98 ᠲᠦᠮᠡᠨ ᠮᠦ ᠠᠴᠠ ᠳᠡᠭᠡᠭᠰᠢ  ᠪᠠᠶᠢᠯᠭᠠᠨ᠂ ᠤᠨᠠᠯᠲᠠ ᠶᠢ 33 ᠲᠦᠮᠡᠨ ᠲᠣᠨ ᠣᠷᠴᠢᠮ ᠳᠤ ᠲᠤᠭᠳᠠᠪᠤᠷᠢᠵᠢᠭᠤᠯᠬᠤ ᠪᠦᠭᠡᠳ  ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂  ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ 200 ᠮᠤ᠋᠂ ᠡᠬᠡᠯᠵᠢᠯᠡᠨ ᠲᠠᠷᠢᠬᠤ ᠲᠠᠷᠢᠶᠠᠨ ᠭᠠᠵᠠᠷ 10 ᠲᠦᠮᠡᠨ ᠮᠤ᠋   ᠶᠢ ᠰᠢᠨ᠎ᠡ ᠪᠠᠷ ᠨᠡᠮᠡᠭᠳᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 13.5 ᠲᠦᠮᠡᠨ ᠮᠤ᠋ ᠶᠢ ᠪᠠᠶᠢᠭᠤᠯᠵᠤ᠂  ᠤᠯᠤᠰ᠂ ᠣᠷᠣᠨ ᠤ ᠤᠰᠤ ᠠᠷᠪᠢᠯᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠠᠵᠢᠯ ᠢ ᠡᠬᠢᠯᠡᠬᠦᠯᠬᠦ ᠪᠠᠷ  ᠪᠠᠶᠢᠨ᠎ᠠ᠃  ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠦᠬᠦᠭᠡᠷᠦᠮᠵᠢᠳᠦ ᠮᠠᠯ ᠠᠵᠤ ᠠᠬᠤᠢ ᠪᠠ ᠮᠢᠬᠠᠨ ᠤ ᠦᠬᠡᠷ  ᠬᠠᠰᠢᠶᠠᠯᠠᠨ ᠲᠡᠵᠢᠬᠡᠬᠦ  ᠠᠵᠤ ᠦᠢᠯᠡᠰ ᠢ ᠶᠡᠬᠡᠪᠡᠷ ᠬᠥᠭᠵᠢᠭᠦᠯᠵᠦ᠂ 4 ᠲᠦᠮᠡᠨ ᠬᠠᠪᠳᠠᠭᠠᠢ ᠳᠥᠷᠪᠡᠯᠵᠢᠨ ᠮᠧᠲᠷ  ᠬᠠᠰᠢᠶ᠎ᠠ ᠰᠠᠷᠠᠪᠴᠢ᠂ 2.3 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 2.8 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠬᠤ ᠶᠢᠨ ᠬᠠᠮᠳᠤ᠂  ︽ᠪᠡᠯᠴᠢᠭᠡᠷᠯᠡᠭᠦᠯᠬᠦ +  ᠪᠣᠷᠳᠤᠭ᠎ᠠ ᠨᠥᠬᠦᠪᠦᠷᠢᠯᠡᠬᠦ︾ ︽ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ ᠮᠠᠯᠵᠢᠵᠤ ᠪᠤᠷᠳᠤᠨ ᠲᠡᠵᠢᠬᠡᠬᠦ︾ ᠵᠠᠭᠪᠤᠷ ᠢ ᠬᠡᠷᠡᠭᠵᠢᠭᠦᠯᠵᠦ᠂ 25 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠵᠤ᠂ ᠠᠮᠤ ᠪᠤᠳᠠᠭ᠎ᠠ ᠶᠢ ᠲᠡᠵᠢᠬᠡᠯ ᠪᠣᠷᠳᠤᠭ᠎ᠠ ᠪᠣᠯᠭᠠᠨ ᠥᠭᠡᠷᠡᠴᠢᠯᠡᠬᠦ  6 ᠲᠦᠮᠡᠨ ᠮᠦ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂  2.5 ᠲᠦᠮᠡᠨ ᠲᠤᠯᠤᠭᠠᠢ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ᠂ 1 ᠲᠦᠮᠡᠨ ᠲᠤᠯᠤᠭᠠᠢ  ᠮᠢᠬᠠᠨ ᠤ ᠦᠬᠡᠷ ᠢ ᠪᠤᠷᠳᠤᠨ ᠲᠠᠷᠭᠤᠯᠠᠭᠤᠯᠵᠤ ᠵᠠᠷᠤᠴᠠᠭᠤᠯᠬᠤ ᠪᠠᠷ ᠲᠦᠯᠦᠪᠯᠡᠵᠡᠢ᠃ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠪᠣᠶᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ  ᠮᠠᠯᠵᠢᠯ ᠤᠨ ᠲᠣᠭᠤᠷᠢᠭ 6 ᠶᠢ ᠪᠠᠶᠢᠭᠤᠯᠵᠤ᠂  ᠲᠤᠰᠬᠠᠢ ᠬᠤᠷᠰᠢᠶᠠᠵᠢᠯ 5᠂ ᠭᠡᠷ ᠪᠦᠯᠢ ᠶᠢᠨ ᠮᠠᠯᠵᠢᠯ ᠤᠨ ᠲᠠᠯᠠᠪᠠᠶ 30   ᠶᠢ ᠪᠠᠶᠢᠭᠤᠯᠬᠤ ᠪᠦᠭᠡᠳ ︽ᠨᠠᠷᠠᠲᠤ  ᠲᠡᠮᠳᠡᠭ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ᠂ ᠨᠠᠷᠠᠲᠤ ᠲᠡᠮᠳᠡᠭ ᠤᠨ ᠪᠠᠷᠢᠮᠵᠢᠶᠠᠵᠢᠭᠰᠠᠨ ᠪᠠᠶᠢᠭᠤᠯᠤᠯᠲᠠ ᠵᠡᠷᠭᠡ ᠭᠤᠭᠴᠤᠭ᠎ᠠ ᠶᠢ ᠦᠷᠭᠦᠯᠵᠢᠯᠡᠨ ᠲᠦᠷᠢᠮᠵᠢᠬᠦᠯᠵᠦ᠂ 4 ᠪᠦᠳᠦᠭᠡᠭᠳᠡᠬᠦᠨ ᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠬᠦᠯᠦᠨ᠂ 1 ᠪᠦᠳᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠢᠶᠠᠷ  ᠡᠷᠡᠮᠡᠯᠵᠡᠯᠡᠬᠦ ᠪᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号