ᠪᠤᠤᠴᠠᠩ ᠪᠠᠯᠭᠠᠰᠤ ᠬᠤᠶᠠᠷ ᠱᠠᠳᠤᠨ ᠤ ᠺᠠᠳ᠋ᠷᠴᠤᠳ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/27
 2 ᠰᠠᠷ᠎ᠠ ᠶᠢᠨ 26  ᠤ ᠡᠳᠦᠷ᠂  ᠪᠤᠤᠴᠠᠩ ᠪᠠᠯᠭᠠᠰᠤ ᠨᠢ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷᠴᠤᠳ ᠤᠨ ᠶᠡᠭᠡ ᠬᠤᠷᠠᠯ  ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ ᠸᠠᠩ ᠹᠦ᠋ ᠯᠠᠢ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂  ᠪᠠᠶᠢᠭᠤᠯᠭ᠎ᠠ ᠨᠢᠭᠡᠴᠡ   ᠶᠢᠨ ᠬᠠᠷᠢᠭᠤᠴᠠᠯᠭᠠᠲᠠᠨ᠂  ᠪᠠᠯᠭᠠᠰᠤᠨ ᠤ ᠺᠠᠳ᠋ᠷ ᠠᠵᠢᠯᠲᠠᠨ ᠪᠠ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ   ᠶᠢᠨ ᠱᠦᠵᠢ ᠬᠤᠷᠠᠯ ᠳᠤ ᠣᠷᠣᠯᠴᠠᠵᠠᠢ᠃  ᠨᠠᠮ ᠤᠨ ᠬᠤᠷᠢᠶᠠᠨ ᠤ ᠱᠦᠵᠢ ᠸᠠᠩ ᠰᠢ ᠪᠢᠨ ᠠᠴᠠ 2023 ᠣᠨ ᠤ ᠠᠵᠢᠯ ᠤᠨ ᠠᠮᠵᠢᠯᠲᠠ ᠪᠠᠨ ᠡᠷᠭᠢᠴᠡᠭᠦᠯᠵᠦ᠂ 2024 ᠣᠨ ᠤ ᠪᠥᠬᠦ ᠪᠠᠯᠭᠠᠰᠤᠨ ᠤ ᠭᠤᠣᠯᠳᠠᠯᠭ᠎ᠠ  ᠲᠠᠢ ᠠᠵᠢᠯ   ᠳᠤ   ᠪᠠᠶᠢᠷᠢᠯᠠᠭᠤᠯᠤᠯᠲᠠ ᠬᠢᠪᠡ᠃ ᠸᠠᠩ ᠰᠢ ᠪᠢᠨ ᠶᠠᠷᠢᠶᠠᠨ ᠳᠠᠭᠠᠨ᠂  ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷᠴᠤᠳ ᠪᠠᠶᠠᠷ ᠤᠨ ᠡᠳᠦᠷ ᠤᠨ ᠠᠭᠤᠷ ᠠᠮᠢᠰᠬᠤᠯ ᠠᠴᠠ ᠲᠦᠷᠭᠡᠨ ᠭᠠᠷᠴᠤ᠂ ᠦᠵᠡᠯ ᠰᠠᠨᠠᠭᠠᠨ ᠤ ᠲᠠᠯ᠎ᠠ ᠪᠠᠷ ︽ᠴᠠᠬᠢᠯᠭᠠᠨ︾ ᠴᠡᠨᠡᠭᠯᠡᠨ  ᠂  ᠤᠶᠤᠨ ᠰᠠᠨᠠᠭᠠᠨ ᠤ ᠲᠠᠯ᠎ᠠ ᠪᠠᠷ ︽ᠺᠠᠯᠼ︾ ᠨᠥᠬᠦᠪᠦᠷᠢᠯᠡᠵᠦ᠂ ᠠᠵᠢᠯ ᠤᠨ ᠲᠠᠯ᠎ᠠ ᠪᠠᠷ ︽ᠲᠣᠰᠣ︾ ᠨᠡᠮᠡᠵᠦ᠂  ᠴᠤ᠋ ᠰᠢᠨ᠎ᠡ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠠᠵᠢᠯ ᠳᠠᠭᠠᠨ ᠣᠷᠣᠯᠴᠠᠵᠤ᠂ ᠪᠦᠬᠦ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠵᠦ᠂ ᠰᠠᠶᠢᠲᠤᠷ ᠪᠠᠶᠢᠷᠢᠯᠠᠭᠤᠯᠬᠤ ᠬᠡᠷᠡᠭᠲᠡᠢ᠃ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠢᠯ ᠤᠨ ᠰᠡᠳᠬᠢᠴᠡ ᠪᠠᠨ ᠤᠯᠠᠮ ᠲᠣᠳᠣᠷᠬᠠᠢ ᠪᠣᠯᠭᠠᠵᠤ᠂ ᠠᠵᠢᠯ ᠤᠨ ᠭᠤᠣᠯᠳᠠᠯᠭ᠎ᠠ ᠪᠠᠨ ᠲᠤᠳᠤᠷᠬᠠᠶᠢᠯᠠᠨ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠠᠵᠢᠯᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠦᠷᠦᠯ ᠵᠦᠢᠯ ᠤᠨ ᠪᠠᠶᠢᠭᠤᠯᠤᠯᠲᠠ᠂  ᠦᠵᠡᠰᠬᠦᠯᠡᠩᠳᠦ ᠬᠦᠳᠡᠭᠡ ᠲᠣᠰᠬᠤᠨ ᠤ ᠪᠠᠶᠢᠭᠤᠯᠤᠯᠳᠠ᠂ ᠠᠮᠤᠷ  ᠲᠣᠭᠲᠠᠭᠤᠨ ᠤ ᠪᠠᠳᠤᠯᠠᠭ᠎ᠠ  ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ 2024 ᠣᠨ ᠤ ᠡᠯ᠎ᠡ ᠲᠦᠷᠦᠯ ᠤᠨ ᠠᠵᠢᠯ ᠢ ᠲᠦᠷᠭᠡᠨ ᠡᠬᠢᠯᠡᠭᠦᠯᠵᠦ᠂ ᠥᠨᠳᠥᠷ ᠭᠠᠷᠤᠭ᠎ᠠ ᠠᠴᠠ ᠡᠬᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠳᠦᠷᠢᠮ ᠲᠤᠭᠳᠠᠭᠠᠯ ᠪᠠ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠷᠢᠭ᠎ᠠ ᠱᠤᠭᠤᠮ ᠤᠨ ᠤᠬᠠᠮᠰᠠᠷ ᠪᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ  ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠬᠦ ᠦᠵᠡᠯ ᠤᠬᠠᠮᠰᠠᠷ ᠪᠠ ᠬᠠᠮᠵᠢᠯᠴᠠᠨ ᠠᠵᠢᠯᠯᠠᠬᠤ ᠵᠣᠷᠢᠭ ᠰᠠᠨᠠᠭ᠎ᠠ ᠪᠠᠨ ᠴᠢᠩᠭᠠᠳᠬᠠᠵᠤ᠂   ᠴᠤᠭ ᠪᠠᠳᠠᠷᠠᠩᠭᠤᠢ᠂ ᠦᠬᠡᠳᠡᠷᠡᠭ ᠲᠠᠪᠰᠢᠩᠭᠤᠢ ᠂ ᠢᠳᠡᠪᠬᠢᠲᠡᠢ ᠠᠵᠢᠯᠯᠠᠬᠤ᠂ ᠪᠣᠳᠠᠲᠠᠢ ᠶᠢ ᠡᠷᠬᠢᠮᠯᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ  ᠲᠦᠷᠦᠯ ᠤᠨ ᠠᠵᠢᠯ ᠢ ᠨᠠᠶᠢᠳᠠᠪᠤᠷᠢᠵᠢᠭᠤᠯᠤᠨ ᠠᠬᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ  ᠤ ᠳᠥᠷᠪᠡᠳᠦᠭᠡᠷ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠦᠭᠡᠳ  ᠪᠠᠯᠭᠠᠰᠤᠨ ᠤ ᠤᠳᠤᠷᠢᠳᠤᠯᠭ᠎ᠠ ᠨᠠᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ᠂ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠤ ᠲᠣᠭᠲᠠᠭᠤᠨ ᠢ ᠬᠠᠮᠠᠭᠠᠯᠠᠬᠤ ᠵᠡᠷᠭᠡ ᠠᠵᠢᠯ  ᠳᠤ ᠪᠦᠬᠦ ᠲᠠᠯ᠎ᠠ ᠶᠢᠨ  ᠲᠤᠬᠢᠷᠠᠭᠤᠯᠤᠯᠳᠠ ᠪᠠ ᠪᠠᠶᠢᠷᠢᠯᠠᠭᠤᠯᠤᠯᠳᠠ ᠬᠢᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号