ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠶᠢᠹᠤᠰᠧ ᠬᠤᠰᠢᠭᠤᠨ ᠳᠤ  ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/2/28
    2 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠠᠰᠢᠭᠯᠠᠯᠳᠠ ᠶᠢᠨ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠷᠥᠯ ᠵᠦᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠪᠤᠤᠴᠠᠩ  ᠪᠠᠯᠭᠠᠰᠤᠨ ᠤ ᠼᠠᠢ ᠶᠤᠸᠠᠨ ᠲᠣᠰᠬᠤᠨ᠂ ᠪᠦᠦ ᠱᠧᠩ ᠲᠣᠰᠬᠤᠨ ᠤ ᠪᠤᠤᠴᠠᠩ ᠭᠤᠤᠯ   ᠤᠨ ᠵᠠᠰᠠᠯᠳᠠ ᠶᠢᠨ ᠲᠦᠷᠦᠯ ᠵᠦᠢᠯ᠂ ᠴᠢᠶᠠᠨ ᠶᠢᠨ ᠭᠧᠦ ᠪᠠᠯᠭᠠᠰᠤᠨ ᠤ ᠲᠸᠦ ᠬᠤᠤ ᠲᠣᠰᠬᠤᠨ ᠤ ᠬᠡᠰᠡᠭ ᠤᠨ ᠦᠶᠡᠷ ᠢ ᠰᠡᠷᠭᠡᠶᠢᠯᠡᠬᠦ  ᠭᠤᠤ ᠭᠠᠩᠭ᠎ᠠ ᠶᠢᠨ ᠵᠠᠰᠠᠯᠳᠠ ᠶᠢᠨ ᠲᠦᠷᠦᠯ ᠵᠦᠢᠯ᠂ ᠰᠢᠩ ᠹᠦ᠋ ᠰᠢᠶᠠᠩ ᠤᠨ ᠬᠤᠩ ᠭᠧ ᠲᠣᠰᠬᠤᠨ  ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ  ᠦᠵᠡᠭᠰᠡᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠤᠯᠤᠰ ᠤᠨ ᠵᠢᠭᠡᠯᠡᠯᠭᠡ  ᠶᠢ ᠨᠡᠮᠡᠵᠦ ᠲᠠᠷᠬᠠᠭᠠᠬᠤ ᠲᠦᠷᠦᠯ ᠵᠦᠢᠯ ᠠᠬᠢᠴᠠ  ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠪᠣᠯ ᠨᠠᠮ ᠤᠨ ᠲᠥᠪ ᠬᠤᠷᠢᠶ᠎ᠠ ᠠᠴᠠ ᠣᠷᠣᠨ ᠨᠤᠲᠤᠭ ᠤᠨ ᠠᠵᠤ ᠠᠬᠤᠢ ᠶᠢ ᠳᠠᠶᠢᠴᠢᠯᠠᠬᠤ᠂ ᠣᠷᠣᠨ ᠪᠦᠰᠡ ᠶᠢᠨ ᠲᠡᠩᠴᠡᠭᠦᠷᠢ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃  ᠡᠨᠡ ᠤᠳᠠᠭᠠᠨ ᠤ ᠲᠥᠷᠥᠯ ᠵᠦᠢᠯ ᠨᠢ ᠭᠤᠣᠯᠳᠠᠭᠤ ᠤᠰᠤᠨ ᠠᠰᠢᠭᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ  ᠬᠦᠷᠢᠶ᠎ᠡ ᠴᠠᠷᠠᠭ᠎ᠠ ᠳᠤ ᠬᠤᠯᠪᠣᠭᠳᠠᠵᠤ᠂ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠬᠦ ᠴᠠᠭ ᠬᠤᠭᠤᠴᠠᠭ᠎ᠠ ᠶᠢ ᠴᠢᠩᠭ᠎ᠠ ᠠᠳᠬᠤᠨ᠂ ᠪᠣᠶ ᠪᠦᠬᠦᠢ ᠲᠥᠷᠥᠯ ᠵᠦᠢᠯ ᠢ ᠴᠠᠭ ᠲᠤᠬᠠᠢ ᠳᠤᠨᠢ ᠡᠬᠢᠯᠡᠬᠦᠯᠬᠦ ᠬᠡᠷᠡᠭᠲᠡᠢ᠃ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠪᠦᠳᠦᠮᠵᠢᠳᠡᠢ ᠬᠡᠷᠡᠭᠯᠡᠬᠦ ᠶᠢ ᠦᠨᠡᠨᠬᠦ ᠪᠠᠳᠤᠯᠠᠨ᠂ ᠲᠥᠷᠥᠯ ᠵᠦᠢᠯ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠡᠭᠦᠷᠭᠡ ᠶᠢ ᠲᠠᠭᠠᠭᠠᠵᠤ ᠠᠪᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠳᠤᠯᠠᠨ᠂ ᠰᠣᠳᠣᠨ ᠢᠨᠵᠧᠨᠧᠷᠢᠩ ᠢ ᠭᠡᠷᠡᠭᠵᠢᠬᠦᠯᠵᠦ᠂ ᠠᠷᠠᠳ ᠢᠷᠭᠡᠳ ᠲᠤ ᠪᠤᠶᠠᠨ ᠦᠢᠯᠡᠳᠬᠦ ᠬᠡᠷᠡᠭᠲᠡᠢ ᠬᠡᠵᠦ   ᠴᠢᠬᠤᠯᠠᠴᠢᠯᠠᠭᠰᠠᠨ ᠪᠠᠶᠢᠨ᠎ᠠ᠃ ᠠᠶᠢᠮᠠᠭ ᠤᠨ ᠤᠰᠤᠨ ᠠᠰᠢᠭᠯᠠᠯᠲᠠ ᠶᠢᠨ ᠲᠤᠪᠴᠢᠶᠠᠨ ᠤ ᠳᠠᠷᠤᠭ᠎ᠠ ᠸᠠᠩ ᠬᠠᠢ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠂  ᠬᠤᠰᠢᠭᠤ ᠳᠠᠷᠤᠭ᠎ᠠ ᠴᠧᠨ ᠶᠠᠨ ᠪᠦᠦ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠡᠳ᠋ ᠳᠠᠷᠤᠭ᠎ᠠ ᠵᠢᠶᠣᠣ ᠵᠢᠶᠠᠨ ᠢᠦᠢ᠂  ᠳᠡᠳ᠋ ᠬᠤᠰᠢᠭᠤ ᠳᠠᠷᠤᠭ᠎ᠠ ᠯᠢ ᠵᠠᠨ ᠪᠦᠦ᠂  ᠡᠷᠳᠡᠨᠢᠪᠠᠭᠠᠳᠤᠷ ᠵᠢᠴᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号