ᠭᠠᠯ ᠰᠡᠷᠭᠡᠶᠢᠯᠡᠬᠦ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ  ᠰᠠᠶᠢᠨ ᠤᠷᠤᠨ᠎ᠠ
ᠨᠡᠶᠢᠲᠡᠯᠡᠭᠰᠡᠨ ᠴᠠᠭ᠄
2024/2/28
   ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ᠂ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 2 ᠰᠠᠷ᠎ᠠ ᠶᠢᠨ 26 ᠤ ᠡᠳᠦᠷ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠲᠠᠶᠢᠹᠤᠰᠧ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠨᠵᠡᠬᠡᠶᠢᠷᠡᠵᠦ᠂ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠠ ᠃ ᠭᠠᠯ ᠤᠨᠲᠠᠷᠠᠭᠠᠬᠤ ᠠᠵᠢᠯᠳᠠᠨ ᠠᠴᠠ ᠭᠠᠯ ᠤᠨ ᠠᠶᠤᠯ ᠢ ᠰᠡᠷᠭᠡᠶᠢᠯᠡᠬᠦ᠂ ᠠᠶᠤᠯ ᠠᠴᠠ ᠵᠠᠶᠢᠯᠠᠵᠤ ᠠᠮᠢ ᠪᠠᠨ ᠠᠪᠤᠷᠠᠬᠤ  ᠵᠡᠷᠭᠡ ᠶᠡᠷᠦ ᠶᠢᠨ ᠮᠡᠳᠡᠯᠭᠡ ᠶᠢ ᠪᠠᠭᠰᠢ ᠰᠤᠷᠤᠭᠴᠢᠳ ᠲᠤ ᠨᠠᠷᠢᠨ ᠲᠤᠳᠤᠷᠬᠠᠢ ᠲᠠᠶᠢᠯᠪᠤᠷᠢᠯᠠᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠡᠷᠡᠭᠯᠡᠬᠦ ᠠᠷᠭ᠎ᠠ ᠶᠢ ᠵᠢᠭᠠᠭᠰᠠᠨ ᠪᠦᠭᠡᠳ  ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠭᠠᠯ ᠤᠨ ᠠᠶᠤᠯ ᠠᠴᠠ ᠵᠠᠶᠢᠯᠠᠭᠤᠯᠵᠤ ᠲᠠᠷᠬᠠᠭᠠᠬᠤ ᠰᠣᠷᠢᠯᠲᠠ ᠶᠢ ᠬᠢᠭᠡᠳ ᠠᠬᠤᠢ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃    ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ ᠠᠵᠢᠯᠳᠠᠨ ᠶᠠᠩ ᠶᠢᠨ ᠾᠦᠢ᠄  ᠡᠨᠡ  ᠬᠦ᠋ ᠠᠵᠢᠯᠯᠠᠭ᠎ᠠ ᠪᠠᠷ ᠲᠠᠮᠵᠢᠭᠠᠳ ᠰᠤᠷᠤᠭᠴᠢᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ   ᠢ ᠳᠡᠭᠡᠭᠰᠢᠯᠡᠭᠦᠯᠵᠦ᠂ ︽ᠨᠢᠭᠡ ᠰᠤᠷᠤᠭᠴᠢ ᠶᠢ ᠬᠦᠮᠦᠵᠢᠬᠦᠯᠵᠦ᠂ ᠨᠢᠭᠡ ᠭᠡᠷ ᠪᠦᠯᠢ   ᠶᠢ ᠲᠠᠶᠢᠴᠢᠯᠠᠵᠤ᠂ ᠪᠦᠬᠦ ᠨᠡᠶᠢᠭᠡᠮ ᠢ ᠨᠥᠯᠥᠭᠡᠯᠡᠬᠦ︾ ᠦᠷ᠎ᠡ ᠳ᠋ᠦᠩ ᠳᠤ ᠬᠦᠷᠬᠦ ᠶᠢ ᠬᠦᠰᠡᠵᠦ ᠪᠠᠶᠢᠨ᠎ᠠ᠃    ᠰᠤᠷᠤᠭᠴᠢ ᠭᠦᠸᠧ ᠶᠦᠨ ᠶᠣᠣ᠄ ᠭᠠᠯ ᠤᠨᠲᠠᠷᠠᠭᠠᠭᠴᠢ ᠠᠪᠠᠭ᠎ᠠ ᠶᠢᠨ ᠬᠢᠴᠢᠶᠡᠯ ᠢ ᠰᠣᠨᠣᠰᠤᠭᠠᠳ᠂  ᠭᠠᠯ ᠲᠦᠢᠮᠡᠷ ᠤᠨ ᠠᠶᠤᠯᠳᠤ ᠴᠢᠨᠠᠷ ᠢ ᠬᠦᠨᠵᠡᠬᠡᠢ ᠲᠠᠨᠢᠯ᠎ᠠ᠂  ᠮᠢᠨᠦ ᠬᠤᠪᠢ ᠳᠤ ᠭᠠᠯ ᠰᠡᠷᠭᠡᠶᠢᠯᠡᠬᠦ ᠮᠡᠳᠡᠯᠭᠡ ᠶᠢ ᠰᠠᠶᠢᠳᠤᠷ ᠡᠵᠡᠮᠰᠢᠵᠦ ᠪᠠᠶᠢᠭᠠᠳ᠂ ᠭᠠᠯ  ᠰᠡᠷᠭᠡᠶᠢᠯᠡᠬᠦ ᠠᠮᠤᠷ ᠲᠦᠪᠰᠢᠨ ᠤ ᠤᠬᠠᠭᠤᠯᠤᠭᠴᠢ ᠪᠣᠯᠣᠨ᠎ᠠ᠃    ᠡᠨᠡ ᠤᠳᠠᠭᠠᠨ ᠤ ᠣᠨᠴᠠᠭᠠᠶ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢᠶᠠᠷ ᠲᠠᠮᠵᠢᠭᠠᠳ ᠪᠠᠭᠰᠢ ᠰᠤᠷᠤᠭᠴᠢᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠪᠠᠷ ᠲᠡᠭᠡᠭᠰᠢᠯᠡᠬᠦᠯᠵᠡᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢᠶᠠᠷ ᠠᠵᠠ ᠲᠣᠬᠢᠶᠠᠯ ᠪᠤᠯᠭᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠣᠯᠠᠨ ᠵᠦᠢᠯ ᠤᠨ ᠤᠬᠠᠭᠤᠯᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠳᠤ ᠴᠤᠭᠴᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号