ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/2/28
   2 ᠰᠠᠷ᠎ᠠ ᠶᠢᠨ 27  ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ 2024 ᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ  ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠶᠢᠨ ᠶᠠᠷᠢᠶ᠎ᠠ  ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂  ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠠᠶᠤᠯᠭᠦᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ︾᠂ ︽ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ︾  ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ᠂ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂  ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠰᠥᠩ ᠹᠧᠩ ᠴᠢᠬᠤᠯᠠᠴᠢᠯᠠᠬᠤ ᠳᠠᠭᠠᠨ᠄ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠤᠷᠤᠯᠴᠠᠯᠭ᠎ᠠ ᠶᠢ ᠲᠣᠰ ᠪᠡᠶ᠎ᠡ ᠶᠢᠨ ᠬᠢᠷᠢ ᠴᠢᠳᠠᠪᠤᠷᠢ ᠪᠠ ᠬᠡᠪ ᠴᠢᠨᠠᠷ ᠢᠶᠠᠨ ᠳᠡᠭᠡᠭᠰᠢᠯᠡᠭᠦᠯᠬᠦ ᠭᠤᠣᠯ ᠠᠷᠭ᠎ᠠ ᠪᠣᠯᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠷᠤᠯᠴᠠᠯᠭ᠎ᠠ ᠳᠤ ᠤᠷᠤᠯᠴᠠᠨ ᠂ ᠨᠠᠷᠢᠨ ᠬᠢᠨᠠᠮᠠᠭᠠᠢ ᠣᠪᠣᠷ ᠢᠶᠠᠷ ᠰᠤᠷᠤᠯᠴᠠᠯᠭ᠎ᠠ ᠶᠢᠨ ᠠᠭᠤᠯᠭ᠎ᠠ ᠶᠢ ᠰᠢᠩᠭᠡᠬᠡᠨ ᠠᠪᠬᠤ ᠬᠡᠷᠡᠭᠲᠡᠢ᠃ ᠡᠭᠦᠨ ᠤ ᠬᠠᠮᠲᠤ  ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠤᠨ ᠪᠣᠳᠠᠲᠤ ᠪᠦᠲᠦᠮᠵᠢ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠰᠠᠶᠢᠨ ᠬᠢᠬᠦ᠂  ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠬᠦᠷᠬᠦ︾  ᠬᠠᠷᠠᠯᠲᠠ ᠶᠢ ᠪᠡᠶᠡᠯᠡᠬᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠬᠤ ᠬᠡᠷᠡᠭᠲᠡᠢ ᠭᠡᠪᠡ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠭᠡᠰᠢᠬᠦᠳ ᠬᠤᠷᠠᠯ ᠳᠤ ᠣᠷᠣᠯᠴᠠᠪᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号