ᠬᠦᠨᠪᠤᠯᠠᠭ ᠰᠤᠮᠤ  ᠵᠡᠪᠰᠡᠭᠲᠦ ᠬᠦᠴᠦᠨ ᠤ ᠠᠵᠢᠯ ᠢ ᠵᠦᠪᠯᠡᠬᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/28
   ᠣᠶᠢᠷ᠎ᠠ ᠳᠤ᠂ ᠬᠦᠨᠪᠤᠯᠠᠭ ᠰᠤᠮᠤ ᠨᠢ 2024 ᠣᠨ ᠤ ᠵᠡᠪᠰᠡᠭᠳᠦ ᠬᠦᠴᠦᠨ ᠤ ᠠᠵᠢᠯ ᠢ ᠵᠥᠪᠯᠡᠬᠦ ᠬᠤᠷᠠᠯ ᠬᠤᠷᠠᠯᠳᠤᠭᠤᠯᠵᠤ᠂  ᠨᠠᠮ ᠤᠨ ᠬᠤᠷᠢᠶᠠᠨ ᠤ ᠱᠦᠵᠢ ᠤᠷᠬᠢᠯ ᠬᠤᠷᠠᠯ ᠢ ᠡᠷᠬᠢᠯᠡᠨ᠂   ᠰᠤᠮᠤᠨ ᠤ ᠤᠳᠤᠷᠢᠳᠬᠤ ᠪᠠᠭ ᠤᠨ ᠭᠡᠰᠢᠬᠦᠳ ᠪᠠ ᠭᠠᠴᠠᠭᠠᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠵᠡᠪᠰᠡᠭᠲᠦ ᠬᠦᠴᠦᠨ ᠤ ᠠᠵᠢᠯ ᠢ ᠳ᠋ᠦᠩᠨᠡᠭᠰᠡᠨ ᠪᠥᠭᠡᠳ 2024 ᠣᠨ ᠤ ᠵᠡᠪᠰᠡᠭᠲᠦ ᠬᠦᠴᠦᠨ ᠤ ᠠᠵᠢᠯ ᠤᠨ ᠲᠥᠯᠥᠪᠯᠡᠭᠡ ᠶᠢ ᠲᠠᠨᠢᠯᠴᠠᠭᠤᠯᠵᠤ᠂  ᠴᠡᠷᠢᠭ ᠡᠯᠰᠡᠬᠦ᠂ ᠡᠷᠦᠬᠡ ᠶᠢᠨ ᠴᠡᠷᠢᠭ ᠤᠨ ᠪᠠᠶᠢᠭᠤᠯᠤᠯᠳᠠ ᠵᠡᠷᠭᠡ ᠠᠵᠢᠯ ᠢ ᠨᠠᠷᠢᠨ ᠨᠢᠭᠲᠠ ᠪᠠᠶᠢᠷᠢᠯᠠᠭᠤᠯᠪᠠ᠃ ᠬᠤᠷᠠᠯ ᠠᠴᠠ᠂  ᠰᠢ ᠶᠢᠨ ᠫᠢᠩ  ᠤᠨ ᠴᠡᠷᠢᠭ  ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ  ᠤᠨ ᠶᠠᠪᠤᠳᠠᠯ  ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠤᠨᠤᠯ  ᠤᠨ ᠵᠡᠪᠰᠡᠭᠯᠡᠯ ᠢ ᠴᠢᠩᠭᠠᠳᠬᠠᠵᠤ᠂ ᠳᠦᠷᠢᠮ  ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠨᠠᠮ  ᠤᠨ ᠵᠡᠪᠰᠡᠭᠲᠦ ᠬᠦᠴᠦᠨ ᠢ ᠬᠠᠮᠢᠶᠠᠷᠬᠤ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃  ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠦᠷᠢᠮᠵᠢᠭᠰᠡᠨ ᠪᠠᠶᠢᠭᠤᠯᠤᠯᠲᠠ ᠪᠣᠯᠣᠨ ᠡᠷᠦᠬᠡ ᠶᠢᠨ ᠴᠡᠷᠢᠭ  ᠤᠨ ᠪᠤᠯᠪᠠᠰᠤᠷᠠᠯ ᠢ  ᠴᠢᠩᠭ᠎ᠠ ᠠᠳᠬᠤᠵᠤ᠂ ᠡᠷᠦᠬᠡ ᠶᠢᠨ ᠴᠡᠷᠢᠭ ᠤᠨ ᠡᠩᠨᠡᠭᠡᠨ ᠤ ᠵᠣᠬᠢᠶᠠᠨ ᠪᠠᠶᠢᠭᠤᠯᠤᠯᠲᠠᠲᠤ ᠴᠢᠨᠠᠷ ᠪᠠ ᠰᠠᠬᠢᠯᠭ᠎ᠠ ᠪᠠᠲᠤᠴᠢ ᠴᠢᠨᠠᠷ ᠢ ᠦᠨᠡᠨᠬᠦ  ᠴᠢᠩᠭᠠᠳᠬᠠᠨ᠂  ᠪᠣᠯᠪᠠᠰᠤᠷᠠᠯ ᠢ  ᠪᠤᠳᠠᠳᠠᠶᠢᠵᠢᠭᠤᠯᠵᠤ᠂ ᠬᠠᠮᠢᠶᠠᠷᠤᠯᠲᠠ ᠶᠢ ᠪᠤᠳᠠᠳᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠳᠤ ᠣᠷᠣᠯᠴᠠᠬᠤ ᠶᠢ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠡᠷᠦᠬᠡ ᠶᠢᠨ ᠴᠡᠷᠢᠭ ᠤᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠴᠡᠷᠢᠭ ᠡᠯᠰᠡᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠦᠷᠭᠡᠨ ᠤᠯᠠᠨ ᠵᠠᠯᠠᠭᠤᠴᠤᠳ  ᠪᠠ ᠲᠡᠳᠡᠨ ᠤ ᠭᠡᠷ ᠤᠨ ᠠᠬᠠᠮᠠᠳ ᠲᠤ ᠤᠯᠤᠰ ᠤᠨ ᠴᠡᠷᠢᠭ ᠡᠯᠰᠡᠬᠦ ᠲᠥᠷᠥ ᠶᠢᠨ ᠪᠣᠳᠣᠯᠭ᠎ᠠ᠂ ᠴᠡᠷᠢᠭ ᠡᠯᠰᠡᠬᠦ ᠶᠠᠪᠤᠴᠠ᠂ ᠠᠰᠠᠷᠠᠮᠵᠢ ᠬᠠᠷᠠᠭᠠᠯᠵᠠᠯ ᠵᠡᠷᠭᠡ ᠠᠭᠤᠯᠭ᠎ᠠ ᠶᠢ ᠬᠠᠨᠳᠤᠯᠭ᠎ᠠ ᠲᠠᠢ ᠪᠠᠷ ᠤᠬᠠᠭᠤᠯᠵᠤ᠂ ᠵᠠᠯᠠᠭᠤᠴᠤᠳ ᠤᠨ ᠴᠡᠷᠢᠭ ᠲᠤ ᠤᠷᠤᠬᠤ ᠢᠳᠡᠪᠬᠢᠵᠢᠯ ᠢ ᠲᠠᠶᠢᠴᠢᠯᠠᠨ᠂ ᠴᠡᠷᠢᠭ ᠡᠯᠰᠡᠬᠦ ᠠᠵᠢᠯ ᠢ ᠴᠢᠨᠠᠭᠰᠢᠳᠠ ᠠᠬᠢᠭᠤᠯᠬᠤ ᠬᠡᠷᠡᠭᠲᠡᠢ᠃  ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠦᠷᠨᠢᠬᠦᠯᠵᠦ᠂ ᠬᠥᠨᠳᠡᠯᠡᠨ ᠪᠢᠴᠢᠭᠡᠰᠦ ᠡᠯᠭᠦᠬᠦ᠂ ᠠᠶᠢᠯ ᠡᠷᠦᠬᠡ ᠪᠠᠷ ᠰᠤᠷᠪᠤᠯᠵᠢᠯᠠᠬᠤ᠂ ᠸᠢᠴᠠᠲ ᠲᠠᠪᠴᠠᠩ ᠢ ᠠᠰᠢᠭᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂  ᠡᠬᠡ ᠤᠷᠤᠨᠴᠢ ᠦᠵᠡᠯ ᠤᠨ ᠵᠣᠷᠢᠭ ᠰᠠᠨᠠᠭ᠎ᠠ ᠶᠢ ᠤᠯᠠᠮ ᠪᠠᠳᠠᠷᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠲᠦᠭᠡᠮᠡᠯᠵᠢᠭᠦᠯᠵᠦ᠂  ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠬᠡ ᠤᠯᠤᠰ ᠤᠨ ᠤᠮᠠᠷᠠᠲᠤ ᠶᠢᠨ ᠠᠮᠤᠷ  ᠲᠣᠭᠲᠠᠭᠤᠨ ᠤ ᠬᠠᠯᠬᠠᠪᠴᠢ ᠶᠢ ᠪᠥᠬᠦ ᠬᠦᠴᠦᠨ ᠢᠶᠠᠷ ᠪᠠᠬᠢᠵᠢᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ  ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号