ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 28.9 | ᠺᠢᠯᠣᠮᠧᠲᠷ ᠭᠠᠴᠠᠭ᠎ᠠ ᠲᠣᠰᠬᠤᠨ ᠪᠤᠶᠤ ᠠᠶᠢᠯ ᠲᠣᠰᠬᠤᠨ ᠳᠤ ᠨᠡᠪᠳᠡᠷᠡᠬᠦ ᠵᠠᠮ ᠢ ᠪᠠᠶᠢᠭᠤᠯᠤᠨ᠂ 20.4 ᠺᠢᠯᠣᠮᠧᠲᠷ | ᠵᠠᠰᠠᠮᠠᠯ ᠵᠠᠮ ᠢ ᠦᠬᠡᠷᠡᠴᠢᠯᠡᠨ ᠰᠠᠶᠢᠵᠢᠷᠠᠭᠤᠯᠵᠤ᠂ ︽304︾ ᠱᠤᠭᠤᠮ ᠤᠨ ᠪᠦᠦ ᠹᠧᠩ ᠬᠡᠰᠡᠭ᠂ ᠰᠢ ᠵᠦᠩ | ᠬᠡᠰᠡᠭ ᠤᠨ ᠭᠤᠣᠯ ᠴᠤᠭᠴᠠ ᠶᠢᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠭᠰᠡᠨ ᠪᠦᠭᠡᠳ ᠲᠠᠢ ᠰᠢ ᠲᠡᠮᠦᠷ ᠵᠠᠮ ᠤᠨ | ᠪᠠᠶᠢᠭᠤᠯᠤᠯᠲᠠ ᠶᠢ ᠡᠬᠢᠯᠡᠭᠦᠯᠵᠦ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ | ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 1 ᠂ | ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 17 ᠶᠢ ᠪᠠᠶᠢᠭᠤᠯᠵᠤ᠂ 18 ᠠᠶᠢᠯ ᠲᠣᠰᠬᠤᠨ᠂ 3103 | ᠬᠥᠮᠥᠨ ᠠᠮᠠ ᠶᠢᠨ ᠤᠰᠤ ᠤᠮᠳᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ | ᠭᠤᠣᠯ ᠲᠦᠭᠡᠭᠡᠭᠦᠷ ᠲᠣᠣᠷ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠠᠨ ᠳ᠋ᠣᠣ ᠭᠧᠦ ᠶᠢᠨ 110 | ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠦᠬᠡᠷᠡᠴᠢᠯᠡᠯᠳᠡ ᠶᠢ ᠲᠠᠭᠤᠰᠬᠠᠨ᠂ ᠱᠤ᠋ ᠭᠤᠸᠠᠩ ᠤᠨ | 110 ᠺᠢᠯᠤᠸᠤᠯᠲ ᠤᠨ ᠴᠠᠬᠢᠯᠭᠠᠨ ᠲᠠᠮᠵᠢᠭᠤᠯᠬᠤ ᠢᠨᠵᠧᠨᠧᠷᠢᠩ ᠢ ᠤᠷᠤᠭᠰᠢᠲᠠᠢ ᠠᠬᠢᠭᠤᠯᠵᠤ᠂ 26.7 | ᠺᠢᠯᠣᠮᠧᠲᠷ ᠴᠠᠬᠢᠯᠭᠠᠨ ᠲᠦᠭᠡᠭᠡᠬᠦ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ | ᠬᠦᠴᠦᠳᠡᠯ ᠥᠭᠡᠷᠡᠴᠢᠯᠡᠭᠴᠢ 4 ᠶᠢ ᠤᠭᠰᠠᠷᠠᠵᠠᠢ᠃ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ 5G ᠰᠠᠭᠤᠷᠢ ᠥᠷᠲᠡᠭᠡ 133 ᠶᠢ ᠪᠠᠶᠢᠭᠤᠯᠤᠨ | ᠂ 4G ᠲᠤᠬᠢᠶᠠᠨ ᠤ ᠪᠦᠷᠬᠦᠴᠡ ᠶᠢ 100 % ᠳᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ | ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ ᠲᠡᠭᠡᠭᠰᠢᠯᠡᠬᠦᠯᠦᠭᠰᠡᠨ ᠪᠠᠶᠢᠨ᠎ᠠ᠃ |