2023 ᠤᠨ ᠤ ᠠᠷᠠᠳ ᠤᠨ ᠠᠮᠢᠳᠤᠷᠠᠯ ᠤᠨ ᠪᠠᠳᠤᠯᠠᠭᠠᠨ ᠤ ᠲᠤᠬᠠᠢ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/2/29
   ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠦᠳᠦᠭᠡᠬᠦ ᠶᠢ ᠠᠬᠢᠭᠤᠯᠬᠤ᠂ ᠠᠵᠢᠯ ᠣᠯᠬᠤ ᠳᠤ ᠬᠦᠴᠢᠷᠲᠡᠢ ᠬᠥᠮᠥᠰ ᠢ ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ ᠵᠡᠷᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 1.4 ᠲᠦᠮᠡᠨ ᠠᠵᠢᠯ ᠤᠨ ᠪᠠᠶᠢᠷᠢ ᠡᠯᠰᠡᠨ  ᠂ ᠬᠤᠲᠠ ᠪᠠᠯᠭᠠᠰᠤᠨ ᠤ 835 ᠬᠥᠮᠥᠨ ᠳᠤ ᠰᠢᠨ᠎ᠡ ᠪᠠᠷ ᠠᠵᠢᠯ ᠣᠯᠭᠤᠵᠤ᠂ 774 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠬᠦᠰᠦᠭᠰᠡᠨ 346 ᠬᠥᠮᠥᠨ ᠳᠤ ᠠᠵᠢᠯ ᠤᠯᠭᠤᠭᠠᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.2% ᠳᠣᠲᠣᠷ᠎ᠠ ᠬᠢᠵᠠᠭᠠᠷᠯᠠᠵᠤ᠂  1478 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠭᠡ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠳᠤ ᠤᠷᠤᠬᠤ ᠵᠤᠬᠢᠰᠳᠠᠢ ᠪᠤᠯ ᠪᠦᠬᠦᠨ ᠢ ᠤᠷᠤᠭᠤᠯᠵᠤ  ᠂ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ 515.6 ᠲᠦᠮᠡᠨ ᠲᠥᠭᠦᠷᠢᠭ ᠢ ᠲᠠᠷᠬᠠᠭᠠᠨ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠨᠥᠬᠦᠪᠦᠷᠢ ᠮᠥᠩᠭᠦ  ᠎ ᠶᠢ 1.25 ᠳ᠋ᠦᠩᠰᠢᠭᠤᠷ ᠲᠥᠭᠦᠷᠢᠭ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ ᠮᠥᠩᠭᠦ ᠵᠢᠴᠢ ᠠᠰᠠᠷᠠᠨ ᠬᠠᠷᠠᠭᠠᠯᠵᠠᠬᠤ  ᠨᠢᠭᠤᠷᠯᠠᠯ ᠤᠨ ᠠᠮᠢᠳᠤᠷᠠᠯ ᠤᠨ ᠨᠥᠬᠦᠪᠦᠷᠢ ᠶᠢ 1362 ᠲᠦᠮᠡᠨ ᠲᠥᠭᠦᠷᠢᠭ ᠲᠠᠷᠬᠠᠭᠠᠨ᠂  ︽ᠭᠤᠷᠪᠠᠨ ᠳᠠᠪᠬᠤᠷ ᠪᠠᠲᠤᠯᠠᠭ᠎ᠠ︾᠎ ᠶᠢᠨ ᠰᠠᠭᠤᠷᠢ ᠮᠥᠩᠭᠦ ᠶᠢᠨ ᠵᠠᠷᠤᠯᠭ᠎ᠠ 2.87 ᠳ᠋ᠦᠩᠰᠢᠭᠤᠷ ᠲᠥᠭᠦᠷᠢᠭ ᠲᠤ ᠬᠦᠷᠴᠦ᠂  26.6 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号