ᠲᠠᠶᠢᠹᠤᠰᠧ ᠬᠤᠰᠢᠭᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2024/2/29
   2024 ᠤᠨ ᠳᠤ᠂  ᠤᠯᠠᠮᠵᠢᠯᠠᠯᠲᠤ ᠵᠠᠩ ᠳᠠᠳᠬᠠᠯ ᠰᠣᠶᠣᠯ ᠢᠷᠭᠡᠨᠰᠢᠯ ᠤᠨ ᠲᠣᠭᠤᠷᠢᠨ ᠳᠤ᠂ ᠣᠨᠴᠠᠯᠢᠭᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠦᠷᠭᠦᠯᠵᠢᠯᠡᠨ ᠪᠣᠶ ᠪᠣᠯᠭᠠᠵᠤ᠂ ︽ᠬᠤᠭᠤᠯᠠ  ᠬᠤᠨᠤᠭ ᠠᠶᠠᠯᠠᠯ ᠵᠢᠭᠤᠯᠴᠢᠯᠠᠯ ᠬᠤᠳᠠᠯᠳᠤᠭ᠎ᠠ ᠨᠠᠭᠠᠳᠤᠮ  ︾  ᠵᠡᠷᠭᠡ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠣᠭᠴᠠᠵᠢᠭᠤᠯᠤᠨ ᠶᠠᠰᠤ ᠴᠢᠨᠠᠷ ᠢ ᠨᠢ ᠲᠡᠭᠡᠭᠰᠢᠯᠡᠬᠦᠯᠵᠦ᠂  ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠬᠤ ᠶᠢᠨ ᠲᠣᠭᠤᠷᠢᠨ ᠳᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠵᠦ᠂ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ᠂ ᠮᠣᠷᠢᠨ ᠮᠡᠷᠭᠡᠵᠢᠯ ᠤᠨ ᠪᠣᠯᠪᠠᠰᠤᠷᠠᠯ᠂ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠢ  ᠰᠦᠪᠡᠭᠴᠢᠯᠡᠨ᠂  ᠭᠠᠵᠠᠷ ᠰᠢᠨᠵᠢᠯᠡᠭᠡᠨ ᠤ ᠰᠤᠳᠤᠯᠭᠠᠨ ᠤ ᠲᠣᠭᠤᠷᠢᠨ ᠳᠤ᠂ ᠬᠠᠨ᠎ᠠ ᠬᠠᠳᠠ ᠶᠢᠨ ᠦᠵᠡᠮᠵᠢ ᠶᠢᠨ ᠣᠷᠣᠨ ᠢ  ᠪᠠᠶᠢᠭᠤᠯᠵᠤ᠂  ︽ᠠᠵᠤ ᠦᠢᠯᠡᠳᠪᠦᠷᠢ +︾ ᠶᠢᠨ ᠲᠣᠭᠤᠷᠢᠨ ᠳᠤ ᠠᠵᠤ ᠦᠢᠯᠡᠳᠪᠦᠷᠢ ᠶᠢᠨ ᠵᠢᠭᠤᠯᠴᠢᠯᠠᠯ ᠢ ᠡᠬᠦᠳᠦᠨ᠂ ᠠᠵᠤ ᠠᠬᠤᠶᠢᠯᠠᠯ ᠳᠤ ᠲᠦᠰᠢᠭᠯᠡᠵᠦ ︽ᠠᠯᠮᠠᠰ ᠤᠨ ᠵᠢᠵᠢᠭ ᠪᠠᠯᠭᠠᠰᠤ︾ ᠶᠢ ᠪᠠᠶᠢᠭᠤᠯᠵᠤ᠂ ︽ᠪᠠᠭ᠎ᠠ ᠶᠠᠪᠤᠳᠠᠯ ᠢ ᠶᠡᠭᠡ ᠪᠤᠯᠭᠠᠵᠤ᠂ ᠪᠠᠶᠢᠬᠤ ᠦᠬᠡᠢ ᠪᠠᠶᠢᠭᠰᠠᠨ ᠢ ᠪᠤᠢ ᠪᠤᠯᠭᠠᠬᠤ︾ ᠰᠡᠳᠬᠢᠮᠵᠢ ᠶᠢᠨ ᠲᠤᠭᠤᠷᠢᠨ ᠳᠤ᠂ ᠶᠤᠤᠮᠠᠢ ᠶᠢᠨ ᠭᠤᠯᠢᠷ ᠤᠨ ᠠᠮᠳᠠᠳᠤ ᠢᠳᠡᠭᠡᠨ ᠤ ᠤᠷᠤᠯᠳᠤᠭᠠᠨ᠂ ︽ᠴᠥᠩ ᠯᠢ ᠳᠤ ᠨᠠᠭᠠᠳᠤᠭᠠᠳ ᠲᠠᠶᠢᠹᠤᠰᠧ ᠳᠤ ᠵᠢᠭᠤᠯᠴᠢᠯᠠᠬᠤ︾  ᠂ ︽ ᠪᠤᠤᠴᠠᠩ ᠳᠤ ᠬᠦᠷᠴᠦ  ᠪᠠᠶᠠᠷ ᠲᠠᠢ ᠰᠢᠨᠡᠯᠡᠬᠦ︾  ᠂ ︽ᠲᠠᠶᠢᠹᠤᠰᠧ ᠬᠤᠰᠢᠭᠤᠨ ᠠᠴᠠ ᠠᠯᠮᠠᠰ ᠴᠢᠯᠠᠭᠤ ᠬᠤᠳᠠᠯᠳᠤᠨ ᠠᠪᠬᠤ︾  ᠬᠡᠬᠦ ᠮᠡᠳᠦ ᠶᠢᠨ ᠨᠡᠷᠡᠳᠦ ᠲᠡᠮᠳᠡᠭ ᠤᠨ ᠠᠵᠢᠯᠯᠠᠭ᠎ᠠ   ᠶᠢ  ᠦᠷᠨᠢᠬᠦᠯᠦᠨ᠂  ᠭᠠᠳᠠᠭᠰᠢ ᠬᠠᠨᠳᠤᠭᠰᠠᠨ ᠤᠬᠠᠭᠤᠯᠭ᠎ᠠ ᠪᠣᠷᠤᠯᠠᠭᠤᠯᠭ᠎ᠠ ᠪᠠᠨ ᠴᠢᠩᠭᠠᠳᠬᠠᠵᠤ᠂  ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠦᠨ᠂  ᠲᠠᠶᠢᠹᠤᠰᠧ ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠨ ᠣᠶᠢᠷ᠎ᠠ ᠲᠦᠷᠪᠡᠨ ᠤᠯᠠᠷᠢᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠬᠠᠷᠠᠯᠲᠠᠲᠤ ᠤᠷᠤᠨ ᠪᠤᠯᠭᠠᠵᠤ  ᠪᠠᠶᠢᠭᠤᠯᠬᠤ   ᠪᠠᠷ ᠲᠦᠯᠦᠪᠯᠡᠵᠡᠢ  ᠃  ᠲᠤᠰ ᠵᠢᠯ ᠳᠤ ᠪᠠᠰᠠ ᠠᠷᠢᠬᠢᠨ ᠤ ᠰᠣᠶᠣᠯ ᠤᠨ ᠮᠦᠽᠧᠢ ᠶᠢᠨ  ᠪᠠᠶᠢᠭᠤᠯᠤᠯᠲᠠ ᠶᠢ ᠲᠦᠷᠭᠡᠳᠭᠡᠵᠦ᠂  ᠳ᠋ᠦᠩ ᠵᠢᠶᠤᠤ  ᠪᠡᠶ᠎ᠡ ᠴᠢᠭᠢᠷᠠᠭᠵᠢᠭᠤᠯᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠠᠬᠢᠭᠤᠯᠵᠤ᠂  ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ  ᠴᠢᠳᠠᠪᠤᠷᠢ ᠶᠢ ᠨᠡᠮᠡᠭᠳᠡᠭᠦᠯᠦᠨ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠤᠭᠰᠠᠨ ᠨᠠᠩ ᠣᠯᠠᠨ ᠰᠢᠯᠢᠳᠡᠭ ᠪᠦᠲᠦᠭᠡᠯ ᠢ ᠵᠤᠬᠢᠶᠠᠨ ᠪᠦᠳᠦᠭᠡᠵᠦ᠂ ᠠᠷᠠᠳ ᠲᠤ ᠠᠰᠢᠭ ᠬᠦᠷᠲᠡᠭᠡᠬᠦ  ᠤᠳᠬ᠎ᠠ ᠤᠷᠠᠯᠢᠭ ᠤᠨ ᠠᠵᠢᠯᠯᠠᠭ᠎ᠠ ᠶᠢ ᠰᠠᠶᠢᠲᠤᠷ ᠦᠷᠨᠢᠬᠦᠯᠦᠨ  ᠂  ᠪᠥᠬᠦ ᠣᠷᠣᠨ ᠪᠥᠬᠦ ᠠᠶᠢᠮᠠᠭ ᠤᠨ ᠴᠢᠨᠠᠷᠳᠠᠢ ᠡᠯ᠎ᠡ ᠲᠥᠷᠥᠯ ᠤᠨ ᠤᠷᠤᠯᠳᠤᠭᠠᠨ ᠨᠠᠭᠠᠳᠤᠮ ᠢ ᠢᠳᠡᠪᠬᠢᠲᠡᠢ ᠲᠠᠭᠠᠭᠠᠴᠢᠯᠠᠨ ᠡᠷᠭᠢᠯᠡᠵᠦ᠂ ᠳᠠᠭᠤᠤ ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂   ᠬᠦᠭᠵᠢᠮᠴᠢᠳ ᠤᠨ ᠴᠤᠭᠯᠠᠭᠠᠨ ᠵᠡᠷᠭᠡ ᠣᠯᠠᠨ ᠲᠦᠮᠡᠨᠴᠢ ᠴᠢᠨᠠᠷᠲᠠᠢ ᠬᠦᠳᠡᠯᠪᠦᠷᠢ ᠠᠵᠢᠯᠯᠠᠭ᠎ᠠ ᠶᠢ ᠡᠷᠬᠢᠯᠡᠨ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠤᠨ ᠬᠡᠷᠡᠭᠴᠡᠭᠡ  ᠶᠢ ᠬᠠᠩᠭᠠᠬᠤ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号