ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠢ ᠰᠠᠶᠢᠲᠤᠷ | ᠶᠠᠷᠢᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠥᠷᠭᠡᠨ ᠤᠯᠠᠨ ᠪᠠᠭᠠᠴᠤᠳ ᠬᠡᠦᠬᠡᠳ ᠤᠨ ᠰᠡᠳᠬᠢᠯ ᠳᠤ | ᠦᠨᠳᠦᠰᠦᠯᠡᠭᠦᠯᠦᠨ᠂ ᠲᠡᠳᠡᠨ ᠤ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠵᠤ᠂ ᠬᠠᠷᠠᠬᠠᠨ ᠪᠠᠭ᠎ᠠ ᠠᠴᠠ ᠪᠠᠨ ︽ | ᠴᠡᠷᠢᠭ ᠢ ᠬᠦᠨᠳᠦᠳᠬᠡᠬᠦ︾ ᠰᠠᠶᠢᠨ ᠰᠠᠶᠢᠬᠠᠨ ᠤᠬᠠᠮᠰᠠᠷ ᠢ ᠪᠤᠢ ᠪᠣᠯᠭᠠᠬᠤ ᠶᠢᠨ ᠲᠦᠯᠦᠭᠡ ᠂ 2 ᠰᠠᠷ᠎ᠠ ᠶᠢᠨ | 28 ᠤ ᠡᠳᠦᠷ ᠲᠠᠶᠢᠹᠤᠰᠧ ᠬᠤᠰᠢᠭᠤᠨ ᠤ ︽ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ | ᠬᠢᠨ ᠯᠦᠸᠧ ᠲᠦᠸᠧ ᠱᠠᠨ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ︽ᠬᠤᠪᠢᠰᠬᠠᠯ ᠤᠨ ᠤᠳᠤᠮᠰᠢᠯ ᠢ ᠤᠯᠠᠮᠵᠢᠯᠠᠨ | ᠪᠠᠳᠠᠷᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠲᠠᠶᠢᠯᠤᠮᠵᠢ ᠶᠢ ᠬᠢᠵᠡᠢ ᠃ | ᠬᠢᠴᠢᠶᠡᠯ ᠲᠡᠭᠡᠷ᠎ᠡ᠂ ᠠᠬᠠᠮᠠᠳ ᠴᠡᠷᠢᠭ ᠼᠦᠢ ᠹᠧᠩ ᠱᠠᠨ ᠠᠴᠠ ᠬᠤᠪᠢᠰᠬᠠᠯᠳᠤ ᠪᠠᠭᠠᠲᠤᠷᠴᠤᠳ ᠤᠨ ᠠᠮᠢ | ᠪᠡᠶ᠎ᠡ ᠪᠠᠨ ᠦᠷᠡᠭᠳᠡᠬᠦᠯᠵᠦ ᠬᠠᠯᠠᠭᠤᠨ ᠴᠢᠰᠤ ᠪᠠᠨ ᠤᠷᠤᠰᠬᠠᠨ ᠡᠬᠡ ᠤᠷᠤᠨ ᠢᠶᠠᠨ ᠬᠠᠮᠠᠭᠠᠯᠠᠭᠰᠠᠨ ᠦᠨᠡᠨ ᠪᠤᠳᠠᠳᠠᠢ | ᠦᠯᠢᠬᠡᠷ ᠲᠡᠦᠭᠡ ᠶᠢ ᠶᠠᠷᠢᠵᠤ᠂ ᠡᠬᠡ ᠤᠷᠤᠨᠴᠢ ᠦᠵᠡᠯ ᠤᠨ ᠬᠥᠮᠦᠵᠢᠯ ᠢ ᠰᠤᠷᠤᠭᠴᠢᠳ ᠤᠨ ᠰᠡᠳᠬᠢᠯ ᠳᠤ | ᠦᠨᠳᠦᠰᠦᠯᠡᠭᠦᠯᠦᠨ᠂ ᠬᠤᠪᠢᠰᠬᠠᠯ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠲᠡᠯᠬᠡᠷᠡᠬᠦᠯᠦᠭᠰᠡᠨ ᠪᠠᠶᠢᠨ᠎ᠠ᠃ | ᠲᠠᠶᠢᠯᠤᠮᠵᠢ ᠰᠤᠨᠤᠰᠤᠭᠰᠠᠨ ᠰᠤᠷᠤᠭᠴᠢᠳ᠄ ︽ᠡᠨᠡ ᠤᠳᠠᠭᠠᠨ ᠤ ᠬᠢᠴᠢᠶᠡᠯ ᠲᠠᠶᠢᠯᠤᠮᠵᠢ ᠶᠢ ᠰᠤᠨᠤᠰᠤᠭᠠᠳ | ᠥᠨᠥᠳᠥᠷ ᠤᠨ ᠵᠣᠯ ᠵᠢᠷᠭᠠᠯᠲᠤ ᠠᠮᠢᠳᠤᠷᠠᠯ ᠢ ᠬᠢᠯᠪᠠᠷᠬᠠᠨ ᠢᠶᠠᠷ ᠣᠯᠣᠭᠰᠠᠨ ᠪᠢᠰᠢ ᠭᠡᠳᠡᠭ ᠢ ᠭᠦᠨᠵᠡᠭᠡᠢ ᠲᠠᠨᠢᠯ᠎ᠠ᠂ | ᠡᠬᠦᠨ ᠢ ᠪᠦᠷ ᠮᠠᠨ ᠤ ᠠᠬᠠᠮᠠᠳ ᠦᠶ᠎ᠡ ᠶᠢᠨ ᠬᠢᠨ ᠥᠪᠡᠷ ᠤᠨ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ | ᠪᠠᠶᠢᠨ᠎ᠠ᠂ ᠪᠢᠳᠡ ᠨᠡᠩ ᠢᠯᠡᠭᠦᠦ ᠰᠢᠮᠳᠠᠨ ᠰᠤᠷᠤᠯᠴᠠᠵᠤ᠂ ᠨᠡᠶᠢᠭᠡᠮ ᠵᠢᠷᠤᠮ ᠤᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢᠨ ᠬᠦᠨᠳᠦ ᠡᠭᠦᠷᠭᠡ ᠶᠢ ᠡᠬᠦᠷᠭᠡᠯᠡᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠴᠠᠭ | ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠨ᠎ᠠ︾ ᠭᠡᠵᠡᠭᠡᠨ᠎ᠡ᠃ |