ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠯ᠎ᠠ
ᠨᠡᠶᠢᠲᠡᠯᠡᠭᠰᠡᠨ ᠴᠠᠭ᠄
2024/2/29
    ᠬᠡᠦᠬᠡᠳ ᠪᠠᠭᠠᠴᠤᠳ ᠬᠦᠴᠦᠷᠭᠡᠭ ᠪᠤᠯ ᠬᠦᠷᠦᠨ ᠲᠦᠷᠦ ᠴᠤ ᠬᠦᠴᠦᠷᠭᠡᠭ ᠪᠠᠶᠢᠳᠠᠭ᠃ ᠵᠠᠯᠠᠭᠤᠴᠤᠳ ᠪᠠᠭᠠᠴᠤᠳ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠬᠠᠮᠤᠭ ᠤᠨ ᠬᠦᠴᠦᠷᠬᠡᠭ ᠰᠢᠨ᠎ᠡ ᠬᠦᠴᠦᠨ ᠮᠥᠨ᠂ ︽ ᠬᠦᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠬᠤ︾ ᠨᠢ ᠤᠯᠤᠰ ᠣᠷᠣᠨ᠂ ᠠᠷᠠᠳ ᠲᠦᠮᠡᠨ ᠳᠤ ᠪᠦᠷ ᠲᠤᠶᠢᠯ ᠤᠨ ᠴᠢᠬᠤᠯᠠ ᠶᠤᠮ᠃  ᠬᠡᠦᠭᠡᠳ ᠪᠠᠭᠠᠴᠤᠳ ᠤᠨ ᠡᠬᠡ ᠤᠷᠤᠨᠴᠢ ᠦᠵᠡᠯ ᠢ ᠬᠦᠮᠦᠵᠢᠬᠦᠯᠵᠦ᠂  ᠡᠬᠡ ᠤᠯᠤᠰ ᠲᠠᠭᠠᠨ ᠵᠢᠳᠬᠦᠬᠦ ᠵᠣᠷᠢᠭ ᠢ ᠬᠦᠪᠴᠢᠯᠡᠨ᠂ ᠤᠯᠤᠰ ᠤᠨ ᠪᠠᠲᠤᠯᠠᠨ ᠬᠠᠮᠠᠭᠠᠯᠠᠯᠲᠠ   ᠶᠢᠨ ᠰᠤᠷᠭᠠᠨ ᠬᠥᠮᠦᠵᠢᠯ   ᠢ ᠰᠤᠷᠭᠠᠭᠤᠯᠢ   ᠶᠢᠨ ᠬᠦᠷᠢᠶᠡᠨ ᠳᠤ ᠣᠷᠣᠭᠤᠯᠵᠤ᠂ ︽ ᠬᠤᠪᠢᠰᠬᠠᠯ ᠤᠨ ᠦᠷ᠎ᠡ︾ ᠶᠢ ᠰᠤᠷᠤᠭᠴᠢᠳ ᠤᠨ ᠰᠡᠳᠬᠢᠯ ᠳᠤ ᠦᠨᠳᠦᠰᠦᠯᠡᠬᠦᠯᠬᠦ ᠶᠢᠨ ᠲᠦᠯᠦᠭᠡ᠂  2 ᠰᠠᠷ᠎ᠠ ᠶᠢᠨ 28 ᠤ ᠡᠳᠦᠷ ᠵᠡᠪᠰᠡᠭᠲᠦ ᠴᠠᠭᠳᠠᠭ᠎ᠠ ᠶᠢᠨ ᠬᠤᠶᠠᠳᠤᠭᠠᠷ ᠳᠤᠮᠳᠠ ᠠᠩᠭᠢ ᠶᠢᠨ ᠤᠯᠤᠰ ᠲᠦᠷᠦ ᠶᠢᠨ ᠵᠢᠭᠠᠨ ᠵᠢᠯᠣᠭᠤᠳᠤᠭᠴᠢ ᠶᠤᠸᠠᠢ ᠸᠧᠢ ᠲᠠᠶᠢᠹᠤᠰᠧ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ  ᠬᠦᠨᠵᠡᠬᠡᠶᠢᠷᠡᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠢᠴᠢᠶᠡᠯ ᠤᠷᠤᠵᠠᠢ᠃ ᠶᠤᠸᠠᠢ ᠸᠧᠢ ᠠᠴᠠ ︽ᠶᠠᠭᠤ ᠶᠢ ᠤᠯᠤᠰ ᠤᠨ ᠪᠠᠲᠤᠯᠠᠨ ᠬᠠᠮᠠᠭᠠᠯᠠᠯᠲᠠ ᠭᠡᠬᠦ ᠪᠣᠶ︾ ᠭᠡᠳᠡᠭ ᠠᠴᠠ ᠡᠰᠢ ᠲᠠᠲᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠳᠠᠬᠤᠨ ᠂ ᠴᠡᠷᠢᠭ ᠠᠩᠬᠢ ᠶᠢᠨ ᠲᠥᠷᠥᠯ ᠢᠯᠭᠠᠯ᠂ ᠳᠡᠯᠡᠬᠡᠢ ᠶᠢᠨ ᠪᠠᠶᠢᠳᠠᠯ ᠵᠡᠷᠭᠡ ᠮᠡᠳᠡᠯᠭᠡ ᠶᠢ ᠲᠠᠶᠢᠯᠪᠤᠷᠢᠯᠠᠨ᠂ ᠰᠤᠷᠤᠭᠴᠢᠳ ᠢ ᠬᠠᠪᠰᠤᠷᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠣᠨᠣᠯ ᠤᠨ ᠮᠡᠳᠡᠯᠭᠡ ᠶᠢ ᠤᠶᠢᠯᠠᠭᠠᠭᠤᠯᠵᠤ᠂  ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠴᠢᠨᠠᠷ ᠢ ᠲᠠᠨᠢᠭᠤᠯᠵᠠᠢ᠃  ᠵᠠᠪᠰᠠᠷ ᠲᠤᠨᠢ ᠪᠠᠰᠠ ᠰᠡᠳᠬᠢᠯ ᠬᠥᠳᠡᠯᠭᠡᠮ᠎ᠡ ᠡᠬᠡ ᠤᠷᠤᠨᠴᠢ ᠦᠵᠡᠯ ᠤᠨ ᠦᠯᠢᠬᠡᠷ ᠢ ᠶᠠᠷᠢᠵᠤ᠂ ᠰᠤᠷᠤᠭᠴᠢᠳ ᠢ ᠠᠯᠤᠰ ᠬᠡᠳᠦ ᠶᠢᠨ ᠬᠦᠰᠡᠯ ᠵᠣᠷᠢᠯᠲᠠ ᠲᠠᠢ ᠪᠠᠶᠢᠵᠤ᠂ ᠡᠬᠡ ᠤᠯᠤᠰ ᠲᠠᠭᠠᠨ ᠬᠦᠴᠦᠨ ᠴᠢᠳᠠᠯ ᠢᠶᠠᠨ ᠡᠷᠬᠦᠳᠦᠬᠡᠢ ᠬᠡᠵᠦ ᠵᠤᠷᠢᠬᠵᠢᠭᠤᠯᠤᠭᠰᠠᠨ ᠪᠠᠶᠢᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠰᠤᠷᠤᠭᠴᠢᠳ ᠮᠠᠰᠢ ᠶᠡᠭᠡ ᠵᠣᠷᠢᠭᠵᠢᠭᠤᠯᠤᠯ ᠣᠯᠵᠤ᠂ ᠰᠢᠷᠭᠠᠭᠤ ᠬᠠᠲᠠᠭᠤᠵᠢᠯᠲᠠᠢ ᠪᠠᠷ ᠰᠤᠷᠤᠯᠴᠠᠨ᠂ ᠡᠬᠡ ᠤᠯᠤᠰ ᠲᠠᠭᠠᠨ ᠬᠦᠴᠦ ᠪᠠᠨ ᠡᠷᠭᠦᠨ᠎ᠡ ᠭᠡᠵᠦ  ᠢᠯᠡᠷᠭᠡᠶᠢᠯᠡᠵᠡᠭᠡᠪᠡ᠃     ᠰᠣᠷᠣᠭᠴᠢ ᠹᠧᠩ ᠲᠢᠶᠠᠨ ᠢᠦ  ᠄ ︽ᠥᠨᠥᠳᠥᠷ ᠪᠢ ᠴᠡᠷᠢᠭ ᠠᠪᠠᠭ᠎ᠠ ᠶᠢᠨ ᠬᠢᠴᠢᠶᠡᠯ ᠢ ᠰᠤᠨᠤᠰᠤᠭᠠᠳ᠂  ᠮᠠᠨ ᠤ ᠤᠯᠤᠰ ᠤᠨ ᠢᠶᠠᠨ ᠲᠡᠷᠢᠭᠦᠨ ᠤ ᠵᠡᠪᠰᠡᠭ ᠲᠣᠨᠣᠭᠯᠠᠯ ᠢ ᠣᠶᠢᠯᠠᠭᠠᠭᠰᠠᠨ ᠢᠶᠠᠷ ᠪᠠᠷᠠᠬᠤ ᠦᠭᠡᠢ᠂ ᠪᠠᠰᠠ ᠴᠡᠷᠢᠭ ᠠᠩᠬᠢ   ᠳᠤ ᠮᠠᠰᠢ ᠤᠯᠠᠨ ᠲᠦᠷᠦᠯ ᠢᠯᠭᠠᠯ ᠪᠠᠶᠢᠳᠠᠭ ᠢ ᠮᠡᠳᠡᠯ᠎ᠡ᠂ ᠲᠣᠮᠣ ᠪᠣᠯᠤᠭᠰᠠᠨ ᠤ ᠪᠠᠨ ᠳᠠᠷᠠᠭ᠎ᠠ ᠴᠡᠷᠢᠭ ᠠᠪᠠᠭ᠎ᠠ ᠨᠠᠷ ᠲᠠᠢ ᠠᠳᠠᠯᠢ ᠪᠠᠷ ᠡᠬᠡ ᠤᠯᠤᠰ ᠤᠨ ᠢᠶᠠᠨ ᠲᠥᠯᠥᠭᠡ ᠵᠢᠳᠬᠦᠵᠦ᠂  ᠡᠬᠡ ᠤᠯᠤᠰ ᠤᠨ   ᠢᠶᠠᠨ ᠨᠤᠲᠤᠭ ᠳᠡᠪᠢᠰᠬᠡᠷ  ᠢ ᠬᠠᠮᠠᠭᠠᠯᠠᠨ᠎ᠠ︾  ᠃     ᠰᠤᠷᠤᠭᠴᠢ ᠬᠠᠨ ᠶᠢᠨ ᠰᠢᠤᠸᠠᠨ᠄ ︽ ᠴᠡᠷᠢᠭ ᠠᠪᠠᠭ᠎ᠠ ᠶᠢᠨ ᠬᠢᠴᠢᠶᠡᠯ ᠠᠴᠠ ᠮᠠᠨ ᠤ ᠤᠯᠤᠰ ᠨᠢ 960 ᠲᠦᠮᠡᠨ ᠬᠠᠪᠳᠠᠭᠠᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠲᠠᠢ ᠭᠡᠳᠡᠭ ᠢ ᠮᠡᠳᠡᠭᠰᠡᠨ᠂ ᠮᠠᠰᠢ ᠣᠯᠠᠨ ᠴᠡᠷᠢᠭ ᠠᠪᠠᠭ᠎ᠠ  ᠡᠬᠡ ᠣᠷᠣᠨ ᠢᠶᠠᠨ ᠬᠠᠮᠠᠭᠠᠯᠠᠵᠤ ᠪᠠᠶᠢᠨ᠎ᠠ᠂  ᠪᠢᠳᠡ ᠵᠠᠪᠠᠯ ᠰᠢᠮᠳᠠᠨ ᠰᠤᠷᠤᠯᠴᠠᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠬᠡᠷᠡᠭᠲᠡᠢ ᠭᠡᠳᠡᠭ ᠢ  ᠤᠶᠢᠯᠠᠭᠠᠯ᠎ᠠ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号