ᠦᠨᠳᠦᠰᠦᠳᠡᠨ ᠤ ᠭᠡᠷᠡᠭ ᠡᠷᠬᠢᠯᠡᠬᠦ ᠲᠤᠪᠴᠢᠶ᠎ᠠ
ᠨᠡᠶᠢᠲᠡᠯᠡᠭᠰᠡᠨ ᠴᠠᠭ᠄
2024/2/29
  1. ᠦᠨᠳᠦᠰᠦᠨ ᠬᠠᠤᠯᠢ᠂  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠵᠡᠷᠭᠡ  ᠦᠨᠳᠦᠰᠦᠳᠡᠨ᠂ ᠱᠠᠰᠢᠨ ᠰᠤᠷᠳᠠᠬᠤᠨ᠂ ᠮᠤᠩᠭᠤᠯ ᠦᠬᠡ ᠬᠡᠯᠡ  ᠦᠰᠦᠭ ᠪᠢᠴᠢᠭ ᠤᠨ ᠬᠠᠮᠢᠶᠠᠳᠠᠢ ᠲᠦᠷᠦ ᠶᠢᠨ ᠪᠤᠳᠤᠯᠭ᠎ᠠ᠂ ᠬᠠᠤᠯᠢ ᠲᠦᠷᠢᠮ ᠢ ᠲᠤᠤᠱᠯᠠᠭᠤᠯᠤᠨ  ᠭᠡᠷᠡᠭᠵᠢᠬᠦᠯᠦᠨ᠎ᠡ᠃   2  ᠦᠨᠳᠦᠰᠦᠳᠡᠨ   ᠤ ᠬᠠᠷᠢᠴᠠᠭ᠎ᠠ ᠶᠢ ᠵᠤᠬᠢᠴᠠᠭᠤᠯᠵᠤ᠂ ᠴᠦᠬᠡᠨ ᠲᠤᠭᠠᠳᠤ ᠦᠨᠳᠦᠰᠦᠳᠡᠨ ᠤ ᠡᠯ᠎ᠡ ᠲᠦᠷᠦᠯ  ᠤᠨ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ︔  ᠬᠤᠯᠪᠤᠭᠳᠠᠯ  ᠪᠦᠬᠦᠢ ᠰᠠᠯᠠᠭ᠎ᠠ ᠮᠦᠴᠢᠷ ᠲᠠᠢ ᠬᠠᠮᠳᠤᠪᠠᠷ ᠦᠨᠳᠦᠰᠦᠳᠡᠨ ᠤ ᠬᠠᠷᠢᠴᠠᠭᠠᠨ ᠤ ᠲᠠᠯᠠᠪᠠᠷ ᠬᠢ ᠬᠠᠮᠢᠶ᠎ᠠ ᠪᠦᠬᠦᠢ ᠭᠡᠷᠡᠭ ᠶᠠᠪᠤᠳᠠᠯ ᠢ ᠰᠠᠶᠢᠳᠤᠷ  ᠰᠢᠢᠳᠪᠦᠷᠢᠯᠡᠨ᠎ᠡ︔ ᠦᠨᠳᠦᠰᠦᠳᠡᠨ᠂ ᠱᠠᠰᠢᠨ ᠰᠤᠷᠳᠠᠬᠤᠨ᠂ ᠮᠤᠩᠭᠤᠯ ᠦᠬᠡ ᠬᠡᠯᠡ  ᠦᠰᠦᠭ ᠪᠢᠴᠢᠭ ᠤᠨ ᠬᠠᠮᠢᠶᠠᠳᠠᠢ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ ᠤᠬᠠᠭᠤᠯᠭ᠎ᠠ ᠬᠦᠮᠦᠵᠢᠯ ᠢ ᠬᠢᠨ᠎ᠡ᠃   3. ᠲᠤᠰ ᠬᠤᠰᠢᠭᠤᠨ ᠤ ᠪᠠᠨ ᠦᠨᠳᠦᠰᠦᠳᠡᠨ ᠤ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠲᠠᠮᠢᠷ  ᠤᠨ ᠦᠢᠯᠡᠰ ᠤᠨ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠪᠠ ᠬᠦᠭᠵᠢᠯᠳᠡ ᠶᠢᠨ ᠲᠦᠯᠦᠪᠵᠢᠬᠦᠯᠬᠡ ᠶᠢ ᠲᠤᠭᠳᠠᠭᠠᠬᠤ ᠳᠤ  ᠤᠷᠤᠯᠴᠠᠨ᠎ᠠ︔ ︽ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ  ᠮᠦᠩᠬᠦ︾ ᠶᠢ  ᠡᠷᠡᠮᠡᠯᠵᠡᠯᠡᠬᠦ  ᠪᠠ ᠪᠡᠯᠡ  ᠮᠦᠩᠬᠦ ᠶᠢᠨ ᠬᠠᠮᠢᠶᠠᠷᠤᠯᠳᠠ ᠪᠡ ᠭᠡᠷᠡᠭᠯᠡᠯᠳᠡ ᠶᠢᠨ ᠪᠠᠶᠢᠳᠠᠯ ᠳᠤ ᠬᠢᠨᠠᠯᠳᠠ ᠲᠠᠯᠪᠢᠨ᠎ᠠ︔ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠴᠦᠬᠡᠨ ᠲᠤᠭᠠᠳᠤ ᠦᠨᠳᠦᠰᠦᠳᠡᠨ ᠤ ᠰᠢᠨᠵᠢᠯᠡᠭᠡ ᠮᠡᠷᠭᠡᠵᠢᠯ ᠪᠠ ᠭᠡᠷᠡᠭᠯᠡᠬᠡᠨ ᠤ ᠮᠡᠷᠭᠡᠵᠢᠯ ᠤᠨ ᠪᠤᠯᠪᠠᠰᠤᠷᠠᠯ ᠢ ᠡᠷᠬᠢᠯᠡᠨ᠎ᠡ᠃   4. ᠴᠦᠬᠡᠨ ᠲᠤᠭᠠᠳᠤ ᠦᠨᠳᠦᠰᠦᠳᠡᠨ ᠤ  ᠺᠠᠳᠠᠷ ᠲᠠᠢ ᠬᠠᠷᠢᠴᠠᠵᠤ᠂ ᠴᠦᠬᠡᠨ ᠲᠤᠭᠠᠳᠤ ᠦᠨᠳᠦᠰᠦᠳᠡᠨ ᠤ ᠺᠠᠳᠠᠷ ᠢ ᠲᠠᠨᠢᠯᠴᠠᠭᠤᠯᠬᠤ᠂ ᠬᠦᠮᠦᠵᠢᠬᠦᠯᠬᠦ ᠪᠠ ᠰᠢᠯᠢᠨ ᠲᠡᠪᠰᠢᠬᠦᠯᠬᠦ ᠵᠡᠷᠭᠡ ᠠᠵᠢᠯ ᠢ ᠰᠠᠶᠢᠨ ᠬᠢᠨ᠎ᠡ︔  ᠦᠨᠳᠦᠰᠦᠳᠡᠨ ᠤ ᠺᠠᠳᠠᠷ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠡᠷᠬᠢᠯᠡᠨ᠎ᠡ᠃   5. ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠠᠶᠢᠰᠢᠶᠠᠨ ᠬᠦᠬᠢᠬᠦᠯᠬᠦ ᠠᠵᠢᠯᠯᠠᠭ᠎ᠠ ᠶᠢ ᠦᠷᠨᠢᠬᠦᠯᠵᠦ᠂ ᠲᠡᠷᠢᠬᠦᠨ ᠤ ᠬᠠᠮᠳᠤ ᠪᠠ ᠬᠤᠪᠢ ᠬᠦᠮᠦᠨ ᠢ ᠰᠤᠩᠭᠤᠵᠤ ᠲᠠᠨᠢᠯᠴᠠᠭᠤᠯᠬᠤ ᠠᠵᠢᠯ ᠢ ᠰᠠᠶᠢᠨ ᠬᠢᠨ᠎ᠡ᠃   6. ᠲᠤᠰ ᠬᠤᠰᠢᠭᠤᠨ ᠤ ᠪᠠᠨ ᠦᠬᠡ ᠬᠡᠯᠡ ᠦᠰᠦᠭ ᠪᠢᠴᠢᠭ ᠰᠤᠷᠴᠤ ᠭᠡᠷᠡᠭᠯᠡᠬᠦ ᠠᠵᠢᠯ ᠢ ᠵᠢᠯᠤᠭᠤᠳᠤᠨ ᠬᠠᠮᠢᠶᠠᠷᠴᠤ᠂  ᠨᠡᠶᠢᠬᠡᠮ ᠤᠨ ᠦᠩᠬᠡᠨ ᠭᠡᠷᠡᠭᠯᠡᠬᠡᠨ ᠤ ᠦᠬᠡ ᠬᠡᠯᠡ ᠦᠰᠦᠭ ᠪᠢᠴᠢᠭ  ᠪᠠ ᠤᠷᠴᠢᠭᠤᠯᠭ᠎ᠠ ᠶᠢᠨ ᠪᠠᠶᠢᠴᠠᠭᠠᠯᠳᠠ ᠴᠡᠭᠴᠡᠯᠡᠯᠳᠡ ᠶᠢ ᠬᠢᠨ᠎ᠡ᠃   7. ᠬᠤᠰᠢᠭᠤ ᠨᠠᠮ ᠵᠠᠰᠠᠭ ᠪᠠ ᠲᠡᠭᠡᠳᠦ ᠱᠠᠳᠤᠨ ᠤ ᠰᠠᠯᠠᠭ᠎ᠠ ᠮᠦᠴᠢᠷ ᠠᠴᠠ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号