ᠰᠤᠷᠭᠠᠨ ᠬᠦᠮᠦᠵᠢᠯ ᠤᠨ ᠲᠤᠬᠠᠢ ᠨᠠᠮ ᠪᠠ ᠤᠯᠤᠰ ᠤᠨ ᠴᠢᠭᠯᠡᠯᠳᠡ ᠲᠦᠷᠦ ᠶᠢᠨ ᠪᠤᠳᠤᠯᠭ᠎ᠠ᠂ ᠬᠠᠤᠯᠢ | ᠲᠦᠷᠢᠮ ᠬᠢᠭᠡᠳ ᠬᠤᠰᠢᠭᠤ ᠨᠠᠮ ᠵᠠᠰᠠᠭ ᠤᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢ ᠲᠤᠤᠱᠯᠠᠭᠤᠯᠤᠨ | ᠭᠡᠷᠡᠭᠵᠢᠬᠦᠯᠵᠦ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠬᠡ | ᠂ ᠲᠦᠷᠦ ᠶᠢᠨ ᠪᠤᠳᠤᠯᠭ᠎ᠠ᠂ ᠠᠷᠭ᠎ᠠ ᠠᠪᠴᠢᠯ ᠢ ᠰᠤᠳᠤᠯᠤᠨ ᠲᠤᠭᠳᠠᠵᠤ᠂ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ | ᠃ ᠪᠦᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠨᠠᠰᠤᠨ ᠳᠤ | ᠬᠦᠷᠦᠭᠰᠡᠳ ᠤᠨ ᠰᠤᠷᠭᠠᠨ ᠬᠦᠮᠦᠵᠢᠯ᠂ ᠦᠨᠳᠦᠰᠦᠳᠡᠨ ᠤ ᠰᠤᠷᠭᠠᠨ ᠬᠦᠮᠦᠵᠢᠯ᠂ ᠪᠠᠭᠰᠢ ᠶᠢᠨ ᠰᠤᠷᠭᠠᠨ ᠬᠦᠮᠦᠵᠢᠯ | ᠵᠢᠴᠢ ᠪᠤᠰᠤᠳ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠦᠢᠯᠡᠰ ᠢ ᠨᠢᠬᠡᠳᠦᠯᠳᠡᠢ ᠲᠦᠯᠦᠪᠵᠢᠬᠦᠯᠦᠨ | ᠬᠠᠮᠢᠶᠠᠷᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠪᠠᠷ ᠲᠡᠭᠡᠳᠦ ᠱᠠᠳᠤᠨ ᠤ ᠤᠯᠭᠤᠭᠰᠠᠨ ᠡᠯ᠎ᠡ | ᠲᠦᠷᠦᠯ ᠤᠨ ᠰᠤᠷᠭᠠᠨ ᠬᠦᠮᠦᠵᠢᠯ ᠤᠨ ᠵᠠᠷᠤᠳᠠᠯ ᠮᠦᠩᠬᠦ ᠶᠢ ᠬᠤᠪᠢᠶᠠᠷᠢᠯᠠᠬᠤ ᠪᠠ ᠬᠠᠮᠢᠶᠠᠷᠴᠤ᠂ ᠰᠤᠷᠭᠠᠨ | ᠬᠦᠮᠦᠵᠢᠯ ᠤᠨ ᠵᠠᠷᠤᠳᠠᠯ ᠢ ᠬᠤᠷᠠᠮᠳᠤᠭᠤᠯᠬᠤ ᠪᠠ ᠭᠡᠷᠡᠭᠯᠡᠬᠦ ᠬᠠᠮᠢᠶᠠᠷᠤᠯᠳᠠ ᠶᠢᠨ ᠠᠷᠭ᠎ᠠ ᠲᠦᠷᠢᠮ ᠢ ᠰᠤᠳᠤᠯᠤᠨ | ᠲᠤᠭᠳᠠᠵᠤ᠂ ᠲᠤᠭᠳᠠᠭᠠᠯ ᠶᠤᠰᠤᠭᠠᠷ ᠤᠯᠤᠰ ᠤᠨ ᠲᠤᠳᠤᠭᠠᠳᠤ ᠭᠠᠳᠠᠭᠠᠳᠤ ᠶᠢᠨ ᠰᠤᠷᠭᠠᠨ ᠬᠦᠮᠦᠵᠢᠯ ᠤᠨ | ᠲᠤᠰᠠᠯᠠᠮᠵᠢ ᠪᠠ ᠵᠢᠬᠡᠯᠡᠯᠬᠡ ᠶᠢ ᠬᠠᠮᠢᠶᠠᠷᠤᠨ᠎ᠠ᠃ ᠡᠯ᠎ᠡ ᠰᠤᠷᠭᠠᠭᠤᠯᠢ ᠶᠢ ᠵᠢᠯᠤᠭᠤᠳᠤᠨ᠂ ᠶᠤᠰᠤ ᠮᠤᠷᠠᠯ᠂ ᠪᠡᠶ᠎ᠡ | ᠲᠠᠮᠢᠷ᠂ ᠡᠷᠡᠬᠦᠯ ᠬᠠᠮᠠᠭᠠᠯᠠᠯ᠂ ᠤᠷᠠᠯᠢᠭ᠂ ᠤᠯᠤᠰ ᠤᠨ ᠪᠠᠳᠤᠯᠠᠨ ᠬᠠᠮᠠᠭᠠᠯᠠᠯᠳᠠ ᠵᠢᠴᠢ ᠰᠤᠷᠭᠠᠭᠤᠯᠢ ᠶᠢᠨ | ᠬᠠᠮᠢᠶᠠᠷᠤᠯᠳᠠ ᠶᠢᠨ ᠠᠵᠢᠯ ᠢ ᠬᠢᠨ᠎ᠡ᠃ ᠰᠤᠷᠭᠠᠭᠤᠯᠢ ᠶᠢᠨ ᠪᠠᠭᠰᠢ ᠠᠵᠢᠯᠳᠠᠨ ᠺᠠᠳᠠᠷ ᠤᠨ ᠡᠩᠨᠡᠬᠡᠨ ᠤ ᠪᠦᠳᠦᠬᠡᠨ | ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ ᠵᠢᠯᠤᠭᠤᠳᠤᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ | ᠤᠨ ᠬᠠᠮᠢᠶᠠᠷᠤᠯᠳᠠ ᠶᠢᠨ ᠪᠠᠶᠢᠭᠤᠯᠤᠯ ᠤᠨ ᠦᠬᠡᠷᠡᠴᠢᠯᠡᠯᠳᠡ ᠪᠠ ᠰᠤᠷᠭᠠᠭᠤᠯᠢ ᠶᠢᠨ ᠠᠵᠢᠯᠳᠠᠨ ᠤ ᠶᠠᠪᠤᠳᠠᠯ ᠤᠨ | ᠦᠬᠡᠷᠡᠴᠢᠯᠡᠯᠳᠡ ᠶᠢ ᠵᠢᠯᠤᠭᠤᠳᠤᠨ ᠬᠢᠵᠦ᠂ ᠪᠠᠭᠰᠢ ᠶᠢᠨ ᠬᠢᠷᠢ ᠬᠡᠮ ᠪᠠ ᠮᠡᠷᠭᠡᠵᠢᠯ ᠤᠨ ᠴᠤᠯᠠ ᠶᠢ ᠬᠢᠨᠠᠨ | ᠲᠤᠭᠳᠠᠭᠠᠬᠤ ᠵᠡᠷᠭᠡ ᠵᠢᠯ ᠢ ᠵᠢᠯᠤᠭᠤᠳᠤᠨ ᠬᠢᠵᠦ᠂ ᠪᠠᠭᠰᠢ ᠶᠢᠨ ᠠᠵᠢᠯ ᠤᠨ ᠪᠠᠶᠢᠷᠢ ᠶᠢ ᠲᠤᠬᠢᠷᠠᠭᠤᠯᠤᠨ᠂ | ᠪᠠᠭᠰᠢ ᠶᠢᠨ ᠰᠤᠷᠭᠠᠭᠤᠯᠢ ᠲᠡᠬᠦᠰᠦᠭᠰᠡᠨ ᠤᠶᠤᠳᠠᠨ ᠳᠤ ᠠᠵᠢᠯ ᠤᠯᠭᠤᠬᠤ ᠠᠵᠢᠯ ᠢ ᠬᠢᠨ᠎ᠡ᠃ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠳᠤᠪᠠᠷ ᠲᠤᠰ ᠬᠤᠰᠢᠭᠤᠨ ᠤ ᠰᠤᠷᠤᠭᠴᠢ ᠡᠯᠰᠡᠬᠦ ᠠᠵᠢᠯ ᠢ ᠰᠤᠳᠤᠯᠤᠨ ᠲᠤᠭᠳᠠᠵᠤ᠂ | ᠡᠯ᠎ᠡ ᠲᠦᠷᠦᠯ ᠤᠨ ᠰᠤᠷᠤᠭᠴᠢ ᠡᠯᠰᠡᠬᠦ ᠰᠢᠯᠭᠠᠯᠳᠠ ᠶᠢ ᠵᠤᠬᠢᠶᠠᠨ ᠪᠠᠶᠢᠭᠤᠯᠵᠤ ᠬᠠᠮᠢᠶᠠᠷᠤᠨ᠎ᠠ᠃ ᠤᠯᠤᠰ᠂ ᠤᠷᠤᠨ | ᠂ ᠠᠶᠢᠮᠠᠭ ᠤᠨ ᠦᠬᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠭᠯᠡᠯᠳᠡ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠰᠢᠭᠤᠨ ᠤ ᠪᠠᠨ ᠦᠬᠡ ᠬᠡᠯᠡ ᠦᠰᠦᠭ ᠪᠢᠴᠢᠭ ᠤᠨ ᠠᠵᠢᠯ | ᠤᠨ ᠤᠷᠳᠤ ᠬᠤᠭᠤᠴᠠᠭᠠᠨ ᠤ ᠲᠦᠯᠦᠪᠵᠢᠬᠦᠯᠬᠡ ᠶᠢ ᠲᠤᠭᠳᠠᠭᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠳᠤᠪᠠᠷ ᠦᠬᠡ ᠬᠡᠯᠡ ᠦᠰᠦᠭ ᠪᠢᠴᠢᠭ ᠤᠨ ᠲᠦᠷᠢᠮᠵᠢᠵᠦ᠂ ᠪᠠᠷᠢᠮᠵᠢᠶᠠᠵᠢᠵᠤ ᠪᠠ ᠭᠡᠷᠡᠭᠯᠡᠬᠦ ᠠᠵᠢᠯ ᠳᠤ | ᠬᠢᠨᠠᠯᠳᠠ ᠲᠠᠯᠪᠢᠵᠤ ᠵᠤᠬᠢᠴᠠᠭᠤᠯᠤᠨ ᠵᠢᠯᠤᠭᠤᠳᠤᠨ᠎ᠠ᠃ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ | ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠬᠦᠳᠡᠯᠮᠦᠷᠢᠴᠢᠨ ᠤ ᠭᠡᠪ ᠴᠢᠨᠠᠷ ᠢ ᠲᠡᠭᠡᠭᠰᠢᠯᠡᠬᠦᠯᠦᠨ᠂ ︽ᠪᠦᠬᠦ ᠠᠷᠠᠳ | ᠤᠨ ᠭᠡᠪ ᠴᠢᠨᠠᠷ ᠤᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠪᠠ ᠤᠳᠤ ᠦᠶ᠎ᠡ | ᠶᠢᠨ ᠦᠢᠯᠡᠴᠢᠯᠡᠬᠡᠨ ᠤ ᠦᠢᠯᠡᠰ ᠲᠤ ᠬᠠᠨᠳᠤᠨ᠂ ᠠᠵᠢᠯ ᠮᠡᠷᠭᠡᠵᠢᠯ ᠤᠨ ᠪᠤᠯᠪᠠᠰᠤᠷᠠᠯ ᠦᠷᠨᠢᠬᠦᠯᠦᠨ᠎ᠡ᠃ |