ᠶᠦᠩ ᠹᠧᠩ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/29
   ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ ᠴᠢᠩᠭᠠᠳᠬᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ᠢᠯᠵᠠᠷᠠᠯ ᠢ ᠡᠰᠡᠷᠬᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠬᠤ ᠶᠢᠨ ᠲᠦᠯᠦᠭᠡ᠂ 2 ᠰᠠᠷ᠎ᠠ ᠶᠢᠨ 28 ᠤ ᠡᠳᠦᠷ ᠶᠦᠩ ᠹᠧᠩ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ︽ᠬᠡᠷᠡᠭ ᠤᠨ ᠵᠢᠱᠢᠶ᠎ᠡ  ᠪᠠᠷ ᠴᠡᠭᠴᠡᠯᠡᠯᠳᠡ ᠶᠢ ᠠᠬᠢᠭᠤᠯᠬᠤ︾ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠸᠠᠩ ᠵᠢᠶᠦ᠋ᠨ ᠱᠧᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠠᠬᠢᠯᠭ᠎ᠠ ᠪᠠᠲᠤ ᠪᠠᠶᠢᠴᠠᠭᠠᠬᠤ ᠱᠦᠵᠢ ᠵᠢᠶᠠ ᠵᠢᠶᠦ᠋ᠨ ᠮᠧᠢ ᠠᠴᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠤᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ ᠤᠨ ᠲᠠᠶᠢᠹᠤᠰᠧ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ︵ᠥᠷᠭᠡᠳᠬᠡᠭᠰᠡᠨ︶ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂  ᠤᠶᠢᠷ᠎ᠠ ᠶᠢᠨ ᠭᠤᠷᠪᠠᠨ ᠵᠢᠯ ᠳᠠᠬᠢ ᠶᠦᠩ ᠹᠧᠩ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠰᠠᠬᠢᠯᠭ᠎ᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠤᠯᠭᠤᠬᠤ ᠳᠦᠷᠢᠮ︾   ᠢᠶᠠᠷ ᠪᠡᠶ᠎ᠡ ᠪᠠᠨ ᠱᠠᠭᠠᠷᠳᠠᠵᠤ ᠤᠬᠠᠮᠰᠠᠷ ᠢᠶᠠᠨ ᠲᠡᠭᠡᠭᠰᠢᠯᠡᠬᠦᠯᠦᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠨ᠂  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ ᠲᠤᠳᠤᠮ ᠤᠨ ᠠᠵᠢᠯ ᠠᠮᠢᠳᠤᠷᠠᠯ ᠤᠨ ᠲᠤᠮᠳᠠ ᠪᠠᠨ ᠡᠷᠡᠰ ᠲᠤᠱᠯᠠᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠵᠠᠩ ᠶᠦᠩ ᠯᠢ ᠠᠴᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ   ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ  ᠪᠤᠯᠤᠨ   ᠰᠡᠷᠡᠮᠵᠢᠯᠡᠭᠦᠯᠬᠦ ᠬᠥᠮᠦᠵᠢᠯ ᠤᠨ ᠴᠢᠬᠤᠯᠠ ᠠᠴᠢ ᠬᠤᠯᠪᠣᠭᠳᠠᠯ   ᠢ ᠭᠦᠨᠵᠡᠭᠡᠢ ᠲᠠᠨᠢᠵᠤ᠂  ᠢᠯᠵᠠᠷᠠᠯ ᠢ ᠡᠰᠡᠷᠬᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ   ᠶᠢᠨ ᠱᠤᠭᠤᠮ ᠢ ᠦᠨᠡᠨᠬᠦ ᠪᠠᠳᠤᠳᠬᠠᠨ᠂ ᠢᠯᠵᠠᠷᠠᠯ ᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠲᠤᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠲᠦᠷᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ  ᠪᠠᠳᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ  ᠰᠠᠶᠢᠳᠤᠷ ᠡᠬᠦᠷᠭᠡᠯᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠪᠠᠶᠢᠭᠠᠳ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ ᠭᠦᠨᠵᠡᠭᠡᠢ ᠪᠠᠶᠢᠴᠠᠭᠠᠨ ᠳᠡᠯᠭᠡᠵᠦ᠂  ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠨ᠂ ᠵᠣᠷᠢᠯᠲᠠ ᠶᠢᠨ ᠤᠬᠠᠮᠰᠠᠷ᠂ ᠨᠠᠮᠴᠢ ᠴᠢᠨᠠᠷ ᠤᠨ  ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠳᠠ ᠴᠢᠩᠭᠠᠷᠠᠭᠤᠯᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠱᠠᠭᠠᠷᠳᠠᠯᠭ᠎ᠠ ᠶᠢ ᠦᠨᠡᠨ ᠬᠦ᠋‍ ᠨᠢᠭᠡ ᠵᠦᠢᠯ ᠤᠨ ᠦᠢᠯᠡ ᠠᠵᠢᠯᠯᠠᠭᠠᠨ ᠤ ᠳᠠᠳᠬᠠᠯ ᠪᠣᠯᠭᠠᠨ ᠬᠤᠪᠢᠷᠠᠭᠤᠯᠵᠤ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠲᠡᠭᠡᠷ᠎ᠡ ᠪᠠᠰᠠ 2024 ᠣᠨ ᠤ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号