2023 ᠤᠨ ᠤ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠲᠤᠬᠠᠢ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/2/29
   ᠠᠮᠤ ᠪᠤᠳᠠᠭᠠᠨ ᠤ ᠲᠠᠷᠢᠮᠠᠯ ᠤᠨ ᠲᠠᠯᠠᠪᠠᠶ 97.7 ᠲᠦᠮᠡᠨ ᠮᠦ ᠳᠤ ᠬᠦᠷᠴᠦ  ᠂ ᠠᠮᠤ ᠪᠤᠳᠠᠭᠠᠨ ᠤ ᠶᠡᠷᠦᠩᠬᠡᠢ ᠤᠨᠠᠯᠲᠠ 32 ᠲᠦᠮᠡᠨ ᠲᠣᠨ ᠳᠤ ᠬᠦᠷᠦᠭᠰᠡᠨ᠃  2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 5.4 ᠲᠦᠮᠡᠨ ᠮᠦ  ᠲᠠᠷᠢᠶᠠᠨ ᠭᠠᠵᠠᠷ ᠢ ᠮᠠᠰᠢᠨ ᠮᠧᠬᠠᠨᠢᠭ ᠢᠶᠠᠷ ᠰᠤᠯᠠᠯᠠᠨ ᠲᠡᠭᠰᠢᠯᠡᠵᠦ᠂ 2 ᠲᠣᠰᠬᠤᠨ ᠢ ᠥᠨᠳᠥᠷ  ᠤᠨᠠᠯᠳᠠᠳᠤ ᠮᠡᠷᠭᠡᠵᠢᠯ ᠤᠨ ᠵᠢᠱᠢᠶ᠎ᠡ ᠦᠵᠡᠭᠦᠯᠬᠦ ᠴᠡᠭ ᠪᠤᠯᠭᠠᠨ᠂ ᠲᠥᠮᠥᠰᠥ᠂ ᠬᠤᠮᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ 2᠂  ᠪᠣᠬᠢᠷᠲᠤᠯ ᠦᠭᠡᠢ ᠴᠢᠨᠠᠷ ᠰᠠᠶᠢᠲᠠᠢ ᠠᠰᠢᠭ ᠶᠡᠭᠡᠳᠡᠢ ᠲᠦᠮᠡᠨ ᠮᠦ ᠶᠢᠨ ᠲᠦᠮᠦᠰᠦ ᠲᠠᠷᠢᠬᠤ ᠲᠠᠯᠠᠪᠠᠢ 2  ᠂ ᠮᠢᠩᠭᠠᠨ ᠮᠦ ᠶᠢᠨ ᠲᠠᠯᠠᠪᠠᠢ 16᠂ ᠵᠠᠭᠤᠨ ᠮᠦ ᠶᠢᠨ ᠲᠠᠯᠠᠪᠠᠢ 5 ᠶᠢ ᠪᠠᠶᠢᠭᠤᠯᠵᠤ᠂  ᠲᠦᠮᠦᠰᠦᠨ ᠤ ᠲᠠᠯᠠᠪᠠᠶ ᠨᠢᠭᠡᠴᠢ ᠶᠢᠨ ᠤᠨᠠᠯᠲᠠ 5600 ᠺᠢᠯᠣᠭ᠍ᠷᠠᠮ ᠲᠠᠪᠠᠵᠠᠢ᠃  ᠮᠢᠬᠠᠨ ᠤ ᠦᠬᠡᠷ 15.1 ᠲᠦᠮᠡᠨ ᠲᠣᠯᠣᠭᠠᠢ᠂   ᠰᠠᠶᠢᠨ ᠡᠭᠦᠯᠳᠡᠷ ᠤᠨ ᠦᠨᠢᠶ᠎ᠡ 9 ᠲᠦᠮᠡᠨ ᠲᠤᠯᠤᠭᠠᠢ ᠳᠤ ᠬᠦᠷᠴᠦ᠂  8.4 ᠲᠦᠮᠡᠨ ᠮᠢᠬᠠᠨ ᠤ ᠦᠬᠡᠷ᠂ 1014 ᠰᠠᠭᠠᠯᠢ ᠶᠢᠨ ᠦᠨᠢᠶ᠎ᠡ ᠳᠤ ᠢᠴᠢᠭᠡᠯ ᠦᠷ᠎ᠡ ᠶᠢᠨ ᠬᠡᠬᠡᠯᠳᠦᠬᠦᠯᠭᠡ ᠬᠢᠵᠦ᠂  ᠬᠡᠭᠡᠯᠲᠦᠭᠰᠡᠨ ᠨᠣᠷᠮ᠎ᠠ 90 %   ᠶᠢ ᠲᠠᠪᠠᠭᠰᠠᠨ ᠪᠠᠶᠢᠨ᠎ᠠ᠃  5.7 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠰᠠᠷᠠᠪᠴᠢ ᠶᠢ ᠰᠢᠨ᠎ᠡ ᠪᠠᠷ ᠪᠠᠶᠢᠭᠤᠯᠤᠨ᠂ 1000  ᠬᠠᠪᠳᠠᠭᠠᠢ ᠳᠥᠷᠪᠡᠯᠵᠢᠨ ᠮᠧᠲᠷ ᠳᠤᠯᠠᠭᠠᠨ ᠰᠠᠷᠠᠪᠴᠢ᠂ 5.1 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 4.9 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 2᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 163 ᠶᠢ ᠰᠢᠨ᠎ᠡ ᠪᠠᠷ ᠪᠤᠶᠢᠵᠢᠭᠤᠯᠤᠭᠠᠳ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 10᠂  ᠲᠤᠰᠬᠠᠢ ᠬᠤᠷᠰᠢᠶᠠᠵᠢᠯ  429  ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1450 ᠪᠤᠯᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号