2023 ᠤᠨ ᠤ ᠰᠠᠭᠤᠷᠢ ᠲᠥᠬᠦᠭᠡᠷᠦᠮᠵᠢ  ᠶᠢᠨ ᠪᠠᠶᠢᠭᠤᠯᠤᠯᠳᠠ ᠶᠢᠨ ᠲᠤᠬᠠᠢ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/2/29
   ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  28.9 ᠺᠢᠯᠣᠮᠧᠲᠷ ᠭᠠᠴᠠᠭ᠎ᠠ ᠲᠣᠰᠬᠤᠨ ᠪᠤᠶᠤ ᠠᠶᠢᠯ ᠲᠣᠰᠬᠤᠨ ᠳᠤ ᠨᠡᠪᠳᠡᠷᠡᠬᠦ ᠵᠠᠮ ᠢ ᠪᠠᠶᠢᠭᠤᠯᠤᠨ᠂ 20.4 ᠺᠢᠯᠣᠮᠧᠲᠷ ᠵᠠᠰᠠᠮᠠᠯ ᠵᠠᠮ ᠢ ᠦᠬᠡᠷᠡᠴᠢᠯᠡᠨ ᠰᠠᠶᠢᠵᠢᠷᠠᠭᠤᠯᠵᠤ᠂  ︽304︾ ᠱᠤᠭᠤᠮ ᠤᠨ ᠪᠦᠦ ᠹᠧᠩ ᠬᠡᠰᠡᠭ᠂  ᠰᠢ ᠵᠦᠩ ᠬᠡᠰᠡᠭ ᠤᠨ ᠭᠤᠣᠯ ᠴᠤᠭᠴᠠ ᠶᠢᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠭᠰᠡᠨ ᠪᠦᠭᠡᠳ ᠲᠠᠢ ᠰᠢ ᠲᠡᠮᠦᠷ ᠵᠠᠮ ᠤᠨ ᠪᠠᠶᠢᠭᠤᠯᠤᠯᠲᠠ ᠶᠢ ᠡᠬᠢᠯᠡᠭᠦᠯᠵᠦ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 1  ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 17   ᠶᠢ ᠪᠠᠶᠢᠭᠤᠯᠵᠤ᠂ 18 ᠠᠶᠢᠯ ᠲᠣᠰᠬᠤᠨ᠂ 3103 ᠬᠥᠮᠥᠨ ᠠᠮᠠ ᠶᠢᠨ ᠤᠰᠤ ᠤᠮᠳᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ ᠭᠤᠣᠯ ᠲᠦᠭᠡᠭᠡᠭᠦᠷ ᠲᠣᠣᠷ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠠᠨ ᠳ᠋ᠣᠣ ᠭᠧᠦ ᠶᠢᠨ 110  ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠦᠬᠡᠷᠡᠴᠢᠯᠡᠯᠳᠡ ᠶᠢ ᠲᠠᠭᠤᠰᠬᠠᠨ᠂  ᠱᠤ᠋ ᠭᠤᠸᠠᠩ ᠤᠨ 110  ᠺᠢᠯᠤᠸᠤᠯᠲ ᠤᠨ ᠴᠠᠬᠢᠯᠭᠠᠨ ᠲᠠᠮᠵᠢᠭᠤᠯᠬᠤ   ᠢᠨᠵᠧᠨᠧᠷᠢᠩ ᠢ ᠤᠷᠤᠭᠰᠢᠲᠠᠢ ᠠᠬᠢᠭᠤᠯᠵᠤ᠂ 26.7 ᠺᠢᠯᠣᠮᠧᠲᠷ ᠴᠠᠬᠢᠯᠭᠠᠨ ᠲᠦᠭᠡᠭᠡᠬᠦ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠦᠴᠦᠳᠡᠯ ᠥᠭᠡᠷᠡᠴᠢᠯᠡᠭᠴᠢ 4 ᠶᠢ ᠤᠭᠰᠠᠷᠠᠵᠠᠢ᠃ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ 5G ᠰᠠᠭᠤᠷᠢ ᠥᠷᠲᠡᠭᠡ 133 ᠶᠢ ᠪᠠᠶᠢᠭᠤᠯᠤᠨ ᠂ 4G ᠲᠤᠬᠢᠶᠠᠨ ᠤ ᠪᠦᠷᠬᠦᠴᠡ ᠶᠢ 100 % ᠳᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ  ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号