2023 ᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠬᠠᠢ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/2/29
   ᠪᠦᠬᠦ ᠤᠷᠤᠨ ᠤ ᠴᠤᠷ ᠤᠨ ᠭᠠᠭᠴᠠ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠳᠠ  ᠶᠢᠨ ᠲᠥᠷᠥᠯ ᠵᠦᠢᠯ ᠢ ᠠᠮᠵᠢᠯᠳᠠᠳᠠᠢ ᠪᠠᠷ ᠡᠷᠡᠮᠡᠯᠵᠡᠯᠡᠨ ᠤᠯᠤᠭᠰᠠᠨ ᠤ ᠬᠠᠮᠳᠤ᠂ 4.3 ᠲᠦᠮᠡᠨ ᠮᠦ ᠣᠶᠢᠵᠢᠭᠤᠯᠤᠯᠲᠠ ᠶᠢ ᠬᠢᠵᠦ᠂ 2.2 ᠲᠦᠮᠡᠨ ᠮᠦ  ᠭᠠᠵᠠᠷ ᠰᠢᠷᠣᠢ ᠶᠢ ᠵᠠᠰᠠᠨ ᠰᠠᠶᠢᠵᠢᠷᠠᠭᠤᠯᠵᠠᠢ᠃  ᠴᠢᠶᠠᠨ ᠶᠢᠨ ᠭᠧᠦ ᠪᠠᠯᠭᠠᠰᠤᠨ ᠤ ᠴᠢ ᠬᠤᠤ ᠲᠤᠰᠬᠤᠨ ᠤ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ᠂ ᠬᠠᠨ ᠢᠦᠢ ᠶᠢᠩ ᠭᠤᠣᠯ ᠤᠨ ᠦᠶᠡᠷ  ᠰᠡᠷᠭᠡᠶᠢᠯᠡᠬᠦ ᠢᠨᠵᠧᠨᠧᠷᠢᠩ ᠢ  ᠲᠤᠭᠰᠬᠠᠭᠰᠠᠨ ᠤ ᠬᠠᠮᠳᠤ᠂  ᠡᠩ ᠤᠨ ᠣᠶᠢᠵᠢᠭᠤᠯᠤᠯᠲᠠ 2.5 ᠲᠦᠮᠡᠨ ᠮᠤ᠋᠂  ᠠᠷᠠᠴᠢᠯᠠᠨ ᠪᠣᠶᠢᠵᠢᠭᠤᠯᠬᠤ ᠤᠢ ᠰᠢᠭᠤᠢ 10.1 ᠲᠦᠮᠡᠨ ᠮᠤ᠋᠂  ᠬᠦᠨᠦᠬᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠭᠰᠠᠨ ᠲᠠᠯᠠᠪᠠᠢ 72.8 ᠲᠦᠮᠡᠨ ᠮᠤ᠋   ᠳᠤ ᠬᠦᠷᠪᠡ᠃  ᠠᠭᠤᠯᠠ ᠠᠭᠤᠷᠬᠠᠢ᠂  ᠭᠤᠤ ᠭᠠᠩᠭ᠎ᠠ ᠶᠢᠨ ᠵᠠᠰᠠᠯᠳᠠ ᠪᠠ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠠᠬᠢᠭᠤᠯᠤᠨ᠂  67. 4 ᠾᠧᠺᠲ᠋ᠠᠷ ᠠᠭᠤᠷᠬᠠᠢ ᠶᠢᠨ ᠵᠠᠰᠠᠯᠲᠠ᠂ 102 ᠾᠧᠺᠲ᠋ᠠᠷ  ᠡᠵᠡᠬᠦᠢ ᠭᠤᠤ ᠭᠠᠩᠭ᠎ᠠ ᠶᠢᠨ ᠵᠠᠰᠠᠯᠲᠠ ᠶᠢ ᠬᠢᠵᠦ᠂ 7.9 ᠾᠧᠺᠲ᠋ᠠᠷ ᠠᠭᠤᠷᠬᠠᠢ ᠶᠢᠨ ᠨᠦᠬᠡ ᠶᠢ  ᠲᠡᠭᠰᠢᠯᠡᠵᠦ ᠰᠡᠷᠬᠦᠭᠡᠭᠰᠡᠨ ᠤ ᠬᠠᠮᠲᠤ᠂ ᠠᠶᠢᠮᠠᠭ  ᠤᠨ ᠰᠢᠯᠭᠠᠨ ᠪᠠᠶᠢᠴᠠᠭᠠᠯᠳᠠ ᠶᠢ ᠠᠮᠵᠢᠯᠳᠠᠳᠠᠢ ᠦᠩᠭᠡᠷᠡᠭᠡᠵᠦ᠂  ᠮᠠᠨ ᠲᠸᠦ ᠱᠠᠨ ᠤ ᠴᠣᠬᠤᠢ ᠶᠢᠨ ᠴᠢᠯᠠᠭᠤᠯᠢᠭ ᠤᠨ ᠠᠭᠤᠷᠬᠠᠢ ᠨᠢ  ᠪᠥᠬᠦ ᠠᠶᠢᠮᠠᠭ ᠤᠨ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠰᠢᠯᠢᠳᠡᠭ ᠨᠡᠷᠡᠰ ᠲᠤ ᠤᠷᠤᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号