2023 ᠤᠨ ᠤ ᠰᠤᠷᠭᠠᠨ ᠬᠥᠮᠦᠵᠢᠯ ᠤᠨ ᠦᠢᠯᠡᠰ ᠤᠨ ᠲᠤᠬᠠᠢ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/2/29
  ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠪᠠ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠬᠤ ᠨᠣᠷᠮ᠎ᠠ ᠲᠤᠰᠪᠤᠷᠢ  85 % ᠪᠠ 97% ᠳᠤ  ᠬᠦᠷᠴᠦ᠂ ᠭᠤᠣᠯᠳᠠᠯᠭ᠎ᠠ ᠲᠠᠢ ᠣᠷᠣᠨ ᠪᠦᠰᠡ ᠳᠤ  ᠬᠡᠦᠬᠡᠳ ᠤᠨ ᠴᠡᠴᠡᠷᠯᠢᠭ  ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠬᠦᠯᠪᠡ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ 11 ᠰᠤᠷᠭᠠᠭᠤᠯᠢ ᠳᠤ ᠪᠦᠷ ᠬᠢᠴᠢᠶᠡᠯ ᠤᠨ ᠳᠠᠷᠠᠭᠠᠬᠢ ᠦᠢᠯᠡᠴᠢᠯᠡᠭᠡ  ᠶᠢ ᠦᠷᠨᠢᠬᠦᠯᠦᠨ᠂ ᠰᠣᠷᠣᠭᠴᠢ ᠶᠢᠨ ᠤᠷᠤᠯᠴᠠᠬᠤ ᠨᠣᠷᠮ᠎ᠠ 99% ᠳᠤ ᠬᠥᠷᠪᠡ᠃ ᠪᠠᠭᠰᠢ ᠶᠢᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 42 ᠪᠠᠭᠰᠢ᠂ ᠣᠨᠴᠠᠭᠠᠶ ᠠᠵᠢᠯ ᠤᠨ ᠪᠠᠶᠢᠷᠢ ᠶᠢᠨ 5 ᠪᠠᠭᠰᠢ ᠶᠢ  ᠤᠷᠢᠵᠤ ᠭᠡᠷᠡᠭᠯᠡᠭᠰᠡᠨ ᠪᠦᠭᠡᠳ 6 ᠨᠠᠷᠠᠲᠤ ᠰᠢᠯᠢᠳᠡᠭ ᠪᠠᠭᠰᠢ᠂ ᠴᠠᠩᠫᠢᠩ ᠲᠣᠭᠤᠷᠢᠭ ᠤᠨ 7 ᠰᠢᠯᠢᠳᠡᠭ ᠪᠠᠭᠰᠢ ᠶᠢ ᠤᠷᠢᠵᠤ  ᠰᠤᠷᠭᠠᠨ ᠬᠥᠮᠦᠵᠢᠯ ᠢ ᠲᠡᠮᠵᠢᠬᠦᠯᠦᠨ᠂ 56 ᠪᠠᠭᠰᠢ ᠶᠢ ᠪᠡᠭᠡᠵᠢᠩ ᠳᠤ ᠲᠣᠮᠢᠯᠠᠨ ᠰᠤᠷᠤᠯᠴᠠᠭᠤᠯᠪᠠ᠃ 2 ᠰᠢᠶᠠᠩ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ ᠲᠠᠯᠠᠪᠠᠢ ᠬᠢᠭᠡᠳ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠳᠥᠷᠪᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠠᠰᠢᠭᠯᠠᠯᠲᠠ ᠳᠤ ᠤᠷᠤᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠤᠯᠠᠮ ᠲᠡᠬᠦᠯᠳᠡᠷᠵᠢᠬᠦᠯᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号