ᠲᠠᠶᠢᠹᠤᠰᠧ ᠬᠤᠰᠢᠭᠤ ᠬᠤᠳᠠ ᠪᠠᠯᠭᠠᠰᠤᠨ ᠤ ᠴᠢᠨᠠᠷ ᠲᠡᠰ ᠢ ᠲᠠᠰᠤᠷᠠᠯᠳᠠ ᠦᠬᠡᠢ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/2/4
  2023 ᠤᠨ ᠳᠤ᠂ ᠲᠠᠶᠢᠹᠤᠰᠧ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠂ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃  ᠬᠤᠲᠠ ᠪᠠᠯᠭᠠᠰᠤᠨ ᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  7200 ᠲᠦᠮᠡᠨ ᠲᠥᠭᠦᠷᠢᠭ ᠤᠨ ᠪᠡᠯᠡ ᠤᠷᠤᠭᠤᠯᠤᠨ᠂  ᠬᠤᠳᠠ ᠶᠢᠨ ᠲᠤᠭᠤᠷᠢᠭ ᠤᠨ 50 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ ᠠᠷᠠᠴᠢᠯᠠᠨ ᠬᠠᠮᠠᠭᠠᠯᠠᠵᠤ᠂  4.5 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠴᠦ᠂  1.2 ᠲᠦᠮᠡᠨ ᠬᠠᠪᠳᠠᠭᠠᠢ ᠳᠥᠷᠪᠡᠯᠵᠢᠨ ᠮᠧᠲᠷ  ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠨ᠂ ᠤᠰᠤ ᠬᠠᠩᠭᠠᠬᠤ ᠪᠠ ᠪᠣᠷᠣᠭᠠᠨ ᠤ ᠤᠰᠤ ᠪᠤᠬᠢᠷ ᠤᠰᠤ ᠶᠢ ᠰᠠᠯᠭᠠᠬᠤ 10.3 ᠺᠢᠯᠣᠮᠧᠲᠷ  ᠲᠤᠤᠷ ᠬᠤᠭᠤᠯᠠᠢ  ᠎ ᠶᠢ ᠰᠢᠨᠡᠳᠭᠡᠨ ᠰᠤᠯᠢᠵᠤ ᠂ 1 ᠲᠦᠮᠡ ᠭᠠᠷᠤᠢ ᠤᠶᠤᠨᠴᠢ ᠤᠰᠤᠨ ᠬᠡᠮᠵᠢᠭᠦᠷ ᠢ ᠤᠭᠰᠠᠷᠠᠭᠰᠠᠨ ᠪᠠᠶᠢᠨ᠎ᠠ᠃ ᠡᠬᠦᠨ ᠤ ᠬᠠᠮᠳᠤ᠂  ᠯᠠᠯᠤ ᠶᠢᠨ ᠰᠦᠮ᠎ᠡ ᠶᠢ ᠨᠡᠭᠦᠯᠭᠡᠨ ᠪᠠᠶᠢᠭᠤᠯᠬᠤ  ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠬᠦᠸᠧ ᠹᠠᠩ ᠪᠠᠷᠠᠭᠤᠨ ᠵᠡᠭᠡᠯᠢ ᠶᠢᠨ ᠠᠭᠤᠳᠠᠮ ᠲᠠᠯᠠᠪᠠᠢ ᠵᠢᠴᠢ ᠲᠡᠷᠭᠡᠨ ᠵᠣᠭᠰᠣᠭᠠᠯ᠂ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠲᠡᠷᠭᠡᠨ ᠵᠣᠭᠰᠣᠭᠠᠯ ᠢ ᠠᠰᠢᠭᠯᠠᠯᠲᠠ ᠳᠤ ᠤᠷᠤᠭᠤᠯᠤᠭᠠᠳ᠂  ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠳᠡᠯᠭᠡᠭᠦᠷ ᠨᠢ ᠠᠩᠬ᠎ᠠ ᠠᠯᠬᠤᠮ ᠤᠨ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠪᠡ᠃  ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂  ᠶᠠᠩ ᠭᠤᠸᠠᠩ ᠲᠠᠪᠤᠳᠤᠭᠠᠷ ᠬᠤᠭᠤᠴᠠᠭᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ᠂  4 ᠬᠠᠭᠤᠴᠢᠨ ᠰᠠᠭᠤᠭᠠᠯᠢ ᠲᠣᠭᠤᠷᠢᠭ ᠎ ᠢ ᠵᠠᠰᠠᠵᠤ ᠰᠢᠨᠡᠳᠭᠡᠬᠦ ᠢᠨᠵᠧᠨᠧᠷᠢᠩ ᠲᠣᠭᠲᠠᠭᠰᠠᠨ ᠬᠤᠭᠤᠴᠠᠭᠠᠨ ᠳᠤ  ᠪᠡᠶᠡᠯᠡᠭᠳᠡᠨ᠂  441 ᠡᠷᠦᠬᠡ ᠶᠢᠨ 520 ᠢᠵᠢ ᠳᠥᠭᠦᠮ ᠪᠦᠳᠦᠭᠦᠯᠢᠭ ᠣᠷᠣᠨ ᠰᠠᠭᠤᠴᠠ ᠎ ᠶᠢ ᠨᠤᠷᠠᠭᠠᠵᠤ ᠨᠡᠬᠦᠯᠬᠡᠨ ᠰᠢᠨ᠎ᠡ ᠠᠰᠠᠷ ᠬᠤᠪᠢᠶᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号