ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/4
   2 ᠰᠠᠷ᠎ᠠ ᠶᠢᠨ 2 ᠤᠨ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠳᠤ ᠣᠷᠣᠯᠴᠠᠵᠤ᠂   ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠰᠢᠦᠢ ᠰᠢᠨ ᠹᠠᠩ ᠬᠤᠷᠠᠯ ᠢ ᠡᠷᠭᠢᠯᠡᠪᠡ᠃ ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ᠂ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠳᠠᠭᠠᠭᠤᠯᠬᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠳᠣᠪᠤᠶᠢᠯᠭᠠᠵᠤ᠂ ᠪᠦᠬᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ  ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ  ᠴᠡᠷᠢᠭ ᠠᠩᠬᠢ ᠳᠤ ᠰᠢᠭᠤᠳ ᠬᠦᠷᠴᠦ᠂ ᠳᠠᠷᠤᠭ᠎ᠠ ᠪᠠᠶᠢᠯᠳᠤᠭᠴᠢᠳ ᠲᠤ ᠰᠢᠭᠤᠳ ᠬᠦᠷᠬᠦ ᠶᠢ ᠪᠠᠳᠤᠯᠠᠨ᠂ ᠨᠠᠮ ᠤᠨ ᠤᠯᠤᠰ ᠲᠦᠷᠦ ᠶᠢᠨ ᠳᠠᠪᠠᠭᠤᠯᠢᠭ ᠪᠣᠯᠣᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠢᠯᠠᠯᠲᠠ ᠣᠯᠬᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠰᠠᠶᠢᠲᠤᠷ ᠠᠳᠬᠤᠨ᠂ ᠪᠠᠴᠢᠮ ᠪᠠᠶᠢᠳᠠᠯ ᠢ ᠠᠷᠭᠠᠴᠠᠵᠤ ᠳᠠᠶᠢᠨ ᠳᠤ ᠪᠡᠯᠡᠳᠬᠡᠬᠦ᠂ ᠪᠠᠶᠢᠩᠭᠤ ᠶᠢᠨ ᠳᠠᠶᠢᠨ ᠳᠤ ᠪᠡᠯᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠡᠯᠰᠡᠬᠦ ᠶᠠᠰᠤ ᠴᠢᠨᠠᠷ ᠢ ᠲᠡᠭᠡᠭᠰᠢᠯᠡᠬᠦᠯᠦᠨ᠂ ᠰᠢᠨ᠎ᠡ ᠴᠠᠭ ᠦᠶ᠎ᠡ ᠶᠢᠨ ᠳᠠᠶᠢᠨ ᠳᠤ ᠪᠡᠯᠡᠳᠬᠡᠵᠦ ᠳᠠᠶᠢᠨ ᠬᠢᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠦᠩᠭᠡ ᠭᠡᠷᠡᠯᠳᠦ ᠤᠯᠠᠮᠵᠢᠯᠠᠯ ᠢᠶᠠᠨ ᠪᠠᠳᠠᠷᠠᠭᠤᠯᠵᠤ᠂ ᠣᠷᠣᠨ ᠨᠤᠲᠤᠭ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠴᠡᠷᠢᠭ ᠠᠩᠭᠢ ᠶᠢᠨ ᠬᠦᠴᠦᠨ ᠴᠢᠳᠠᠯ ᠢ ᠭᠦᠢᠴᠡᠳ  ᠠᠭᠤᠰᠤᠯᠴᠠᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠨᠠᠭᠰᠢᠳᠠ  ᠬᠦᠨᠵᠡᠬᠡᠶᠢᠷᠡᠬᠦᠯᠦᠨ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠠᠬᠢᠭᠤᠯᠵᠤ᠂ ︽ᠬᠤᠶᠠᠷ ᠢ ᠬᠦᠷᠢᠶᠡᠯᠡᠬᠦ︾ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠰᠡᠳᠬᠢᠯ ᠵᠢᠷᠦᠬᠡ ᠪᠠᠨ ᠬᠤᠯᠪᠣᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠭᠡᠪᠡ᠃ ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠬᠢᠨᠠᠨ ᠵᠥᠪᠯᠡᠵᠦ᠂ ᠲᠡᠷᠢᠭᠦᠨ ᠤ ᠨᠢᠭᠡᠴᠡ ᠪᠣᠯᠣᠨ ᠰᠢᠯᠢᠳᠡᠭ ᠬᠤᠪᠢ ᠬᠥᠮᠥᠨ ᠢ ᠬᠥᠬᠢᠭᠦᠯᠦᠨ ᠰᠠᠶᠢᠰᠢᠶᠠᠭᠰᠠᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠡᠪᠰᠡᠭᠲᠦ ᠬᠦᠴᠦᠨ ᠤ  ᠠᠵᠢᠯᠳᠠᠨ ᠵᠢᠴᠢ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠠᠳ᠋ᠷ  ᠠᠵᠢᠯᠳᠠᠳ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号