ᠪᠤᠤᠴᠠᠩ ᠪᠠᠯᠭᠠᠰᠤ ᠠᠮᠤᠷ ᠲᠦᠪᠰᠢᠨ ᠤ ᠰᠡᠷᠭᠡᠶᠢᠯᠡᠯᠳᠡ ᠶᠢᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/4
  2 ᠰᠠᠷ᠎ᠠ ᠶᠢᠨ 1 ᠤ ᠡᠳᠦᠷ᠂ ᠪᠤᠤᠴᠠᠩ ᠪᠠᠯᠭᠠᠰᠤ 2024 ᠤᠨ ᠤ ᠠᠮᠤᠷ ᠲᠦᠪᠰᠢᠨ ᠤ ᠰᠡᠷᠭᠡᠶᠢᠯᠡᠯᠳᠡ ᠶᠢᠨ ᠠᠵᠢᠯ ᠤᠨ ᠬᠤᠷᠠᠯ ᠬᠤᠷᠠᠯᠳᠤᠭᠤᠯᠵᠤ᠂  ᠶᠡᠷᠦᠩᠬᠡᠢ ᠱᠦᠵᠢ ᠰᠢ ᠶᠢᠨ  ᠫᠢᠩ ᠤᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ  ᠵᠢᠭᠠᠪᠤᠷᠢ ᠴᠤᠬᠤᠯᠠᠪᠤᠷᠢ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ    ᠲᠡᠭᠡᠳᠦ ᠱᠠᠳᠤᠨ ᠤ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃   ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ  ᠬᠤᠷᠠᠯ ᠡᠷᠬᠢᠯᠡᠵᠦ ᠶᠠᠷᠢᠶ᠎ᠠ ᠲᠠᠯᠪᠢᠬᠤ ᠳᠠᠭᠠᠨ᠂  ᠠᠶᠤᠯᠬᠦᠢ ᠦᠢᠯᠡᠳᠪᠦᠷᠢᠯᠡᠯ ᠤᠨ  ᠠᠵᠢᠯ ᠤᠨ ᠴᠢᠬᠤᠯᠠ  ᠴᠢᠨᠠᠷ ᠢ ᠲᠠᠨᠢᠵᠤ᠂  ᠠᠮᠤᠷ ᠲᠤᠭᠳᠠᠭᠤᠨ ᠢ ᠲᠡᠷᠢᠬᠦᠨ ᠴᠢᠬᠤᠯᠠ  ᠶᠠᠪᠤᠳᠠᠯ ᠪᠤᠯᠭᠠᠨ ᠴᠢᠩᠭ᠎ᠠ ᠠᠳᠬᠤᠬᠤ ᠭᠡᠷᠡᠭᠳᠡᠢ᠃  ᠨᠢᠬᠡ ᠳᠤ  ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ᠂  ᠠᠮᠤᠷ ᠲᠦᠪᠰᠢᠨ ᠤ ᠬᠦᠪᠴᠢ ᠶᠢ ᠴᠢᠩᠭᠠᠯᠠᠨ᠎ᠠ᠃  ᠤᠶᠢᠷ᠎ᠠ ᠶᠢᠨ ᠬᠤᠭᠤᠴᠠᠭᠠᠨ ᠳᠤ ᠡᠬᠦᠰᠦᠭᠰᠡᠨ ᠠᠶᠤᠯᠬᠦᠢ ᠦᠢᠯᠡᠳᠪᠦᠷᠢᠯᠡᠯ ᠤᠨ ᠭᠡᠷᠡᠭ ᠤᠨ ᠵᠢᠱᠢᠶ᠎ᠡ ᠨᠤᠭᠤᠳ ᠠᠴᠠ ᠬᠦᠨ ᠰᠤᠷᠭᠠᠮᠵᠢ ᠠᠪᠴᠤ᠂   ᠮᠢᠨᠴᠦᠬᠦᠷᠡᠵᠦ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂  ︽ᠴᠠᠭ ᠮᠦᠴᠡ ᠴᠤ ᠠᠯᠮᠠᠶᠢᠷᠠᠬᠤ ᠦᠬᠡᠢ ᠪᠠᠶᠢᠬᠤ︾  ᠬᠠᠷᠢᠭᠤᠴᠠᠯᠭᠠᠳᠤ ᠰᠡᠳᠬᠢᠯᠭᠡ ᠪᠠᠷ  ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠳᠡᠢ᠃  ᠬᠤᠶᠠᠷ ᠲᠤ ᠠᠮᠤᠷ ᠲᠦᠪᠰᠢᠨ ᠤ ᠰᠠᠭᠤᠷᠢ ᠶᠢ ᠪᠠᠳᠤ ᠴᠤᠭᠴᠠᠯᠠᠵᠤ  ᠂ ᠦᠨᠳᠦᠰᠦ ᠠᠴᠠ ᠨᠢ ᠵᠠᠰᠠᠬᠤ ᠪᠤᠭᠤᠮᠳᠠ ᠰᠢᠪᠳᠤᠯᠤᠯᠳᠠ ᠲᠡᠭᠡᠷ᠎ᠡ ᠠᠩᠬᠠᠷᠤᠯ ᠢᠶᠠᠨ ᠲᠦᠪᠯᠡᠷᠡᠬᠦᠯᠦᠨ᠎ᠡ᠃  ︽ᠭᠤᠷᠪᠠᠨ ᠬᠠᠮᠢᠶᠠᠷᠤᠯᠳᠠ ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂   ᠡᠯ᠎ᠡ ᠹᠠᠷᠤᠨᠲ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ  ᠬᠠᠮᠢᠶᠠᠷᠤᠯᠳᠠ ᠶᠢᠨ ᠬᠦᠷᠢᠶ᠎ᠡ ᠴᠠᠷᠠᠭ᠎ᠠ ᠪᠠᠨ ᠰᠠᠶᠢᠳᠤᠷ ᠠᠩᠬᠠᠷᠴᠤ᠂   ᠠᠶᠤᠯ ᠲᠦᠭᠰᠢᠬᠦᠷᠢ  ᠶᠢ ᠨᠠᠷᠢᠨ ᠨᠢᠮᠪᠠᠢ ᠰᠤᠳᠤᠯᠤᠨ ᠮᠠᠭᠠᠳᠯᠠᠵᠤ᠂  ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠂  ᠠᠮᠤᠷ ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃  ᠭᠤᠷᠪᠠ ᠳᠤ ᠬᠠᠷᠢᠭᠤᠴᠠᠯᠭ᠎ᠠ ᠡᠬᠦᠷᠭᠡᠯᠡᠯ ᠢ ᠴᠢᠩᠭᠠᠳᠬᠠᠵᠤ᠂  ᠠᠮᠤᠷ ᠲᠦᠪᠰᠢᠨ ᠤ ᠬᠠᠮᠢᠶᠠᠷᠤᠯᠳᠠ ᠶᠢ ᠴᠢᠩᠭ᠎ᠠ ᠠᠳᠬᠤᠨ᠎ᠠ᠃   ᠡᠯ᠎ᠡ ᠲᠤᠰᠬᠤᠨ ︵ᠨᠡᠶᠢᠭᠡᠮ ᠲᠤᠭᠤᠷᠢᠭ︶ ᠤ ᠬᠢᠨ  ᠪᠠᠶᠢᠴᠠᠭᠠᠯᠳᠠ ᠪᠠ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠮᠡᠳᠡᠬᠦᠯᠦᠯᠳᠡ ᠪᠠ ᠵᠢᠵᠢᠬᠦᠷ ᠤᠨ ᠲᠦᠷᠢᠮ ᠢ ᠲᠡᠬᠦᠯᠳᠡᠷᠵᠢᠬᠦᠯᠦᠨ᠂   ᠡᠯ᠎ᠡ ᠲᠦᠷᠦᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂  ᠦᠢᠯᠡᠳᠪᠦᠷᠢᠯᠡᠯ ᠤᠨ ᠠᠮᠤᠷ ᠲᠦᠪᠰᠢᠨ ᠪᠠ ᠤᠯᠠᠨ ᠨᠡᠶᠢᠳᠡ  ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃   ᠲᠡᠳ᠋ ᠪᠠᠯᠭᠠᠰᠤᠨ ᠲᠠᠷᠤᠭ᠎ᠠ ᠯᠢᠦ ᡁᠢ  ᠴᠢᠶᠠᠩ ᠠᠴᠠ  ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ   ︽ᠭᠠᠯ ᠲᠦᠢᠮᠡᠷ ᠤᠨ ᠭᠡᠮ ᠰᠤᠭᠤᠭ   ᠢ ᠠᠷᠢᠯᠭᠠᠬᠤ ᠶᠡᠭᠡ ᠴᠡᠭᠴᠡᠯᠡᠯᠳᠡ ᠶᠢᠨ ᠠᠵᠢᠯᠯᠠᠭᠠᠨ ᠤ ᠮᠡᠳᠡᠭᠳᠡᠯ︾   ᠢ ᠤᠯᠠᠮᠵᠢᠯᠠᠵᠤ᠂  ᠪᠦᠬᠦ ᠪᠠᠯᠭᠠᠰᠤᠨ ᠤ ᠤᠳᠤᠬᠠᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠨᠡᠶᠢᠳᠡᠯᠡᠨ  ᠮᠡᠳᠡᠭᠳᠡᠭᠰᠡᠨ ᠤ ᠬᠠᠮᠳᠤ᠂  ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠠᠶᠤᠯᠬᠦᠢ ᠦᠢᠯᠡᠳᠪᠦᠷᠢᠯᠡᠯ  ᠤᠨ ᠠᠵᠢᠯ ᠳᠤ   ᠪᠤᠳᠠᠳᠠᠢ ᠪᠠᠶᠢᠷᠢᠯᠠᠭᠤᠯᠤᠯᠳᠠ ᠬᠢᠪᠡ  ᠃  ᠨᠠᠮ ᠤᠨ ᠬᠤᠷᠢᠶᠠᠨ ᠤ ᠲᠡᠳ᠋ ᠱᠦᠵᠢ ᠸᠠᠩ ᠹᠦ᠋ ᠯᠠᠢ  ᠠᠴᠠ  ᠠᠮᠤᠷ ᠠᠮᠤᠭᠤᠯᠠᠩ ᠤᠨ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯ ᠳᠤ ᠪᠠᠶᠢᠷᠢᠯᠠᠭᠤᠯᠤᠯᠳᠠ ᠬᠢᠵᠡᠢ᠃  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂   ᠡᠯ᠎ᠡ ᠲᠤᠰᠬᠤᠨ ︵ᠨᠡᠶᠢᠭᠡᠮ ᠲᠤᠭᠤᠷᠢᠭ︶ ᠤ  ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂   ᠲᠤᠰᠬᠤᠨ ᠤ ᠵᠦᠪᠯᠡᠯ ︵ᠰᠠᠭᠤᠭᠠᠯᠢ ᠠᠷᠠᠳ ᠤᠨ ᠵᠦᠪᠯᠡᠯ︶   ᠤᠨ ᠡᠷᠬᠢᠯᠡᠭᠴᠢ ᠨᠠᠷ ᠬᠤᠷᠠᠯ ᠳᠤ ᠤᠷᠤᠯᠴᠠᠪᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号