ᠶᠦᠩ ᠹᠧᠩ ᠪᠠᠯᠭᠠᠰᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/2/4
  ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠲᠤ ᠭᠠᠷᠤᠭᠰᠠᠨ ᠭᠠᠯ ᠤᠨ ᠠᠶᠤᠯ ᠪᠠ ᠠᠶᠤᠯᠬᠦᠢ‌‍ᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂  ᠲᠡᠭᠡᠳᠦ ᠱᠠᠳᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ  ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠨ ᠬᠢᠵᠦ᠂ ᠭᠠᠯ ᠤᠨ ᠠᠶᠤᠯ ᠪᠠ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠭᠠᠷᠬᠤ ᠶᠢ ᠢᠳᠡᠪᠬᠢᠲᠡᠢ ᠰᠡᠷᠭᠡᠶᠢᠯᠡᠵᠦ ᠪᠦᠲᠦᠮᠵᠢᠲᠡᠶ ᠬᠤᠷᠢᠭᠯᠠᠬᠤ ᠶᠢᠨ ᠲᠦᠯᠦᠭᠡ᠂  ᠶᠦᠩ ᠹᠧᠩ ᠪᠠᠯᠭᠠᠰᠤᠨ ᠤ ᠵᠠᠰᠠᠭ ᠤᠨ ᠤᠷᠳᠤᠨ ᠨᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠯᠭᠠᠰᠤᠨ ᠤ ᠲᠣᠮᠢᠯᠠᠭᠰᠠᠨ ᠰᠠᠯᠪᠤᠷᠢ᠂ ᠭᠠᠯ ᠰᠡᠷᠭᠡᠶᠢᠯᠡᠯᠳᠡ ᠶᠢᠨ ᠵᠢᠯᠤᠭᠤᠳᠬᠤ ᠲᠥᠪ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ  ᠪᠠ ᠭᠠᠯ ᠰᠡᠷᠭᠡᠶᠢᠯᠡᠬᠦ ᠠᠵᠢᠯ  ᠤᠨ ᠶᠡᠭᠡ ᠪᠠᠶᠢᠴᠠᠭᠠᠯᠲᠠ  ᠥᠷᠨᠢᠭᠦᠯᠪᠡ᠃  ᠡᠨᠡ ᠤᠳᠠᠭᠠᠨ ᠤ ᠪᠠᠶᠢᠴᠠᠭᠠᠯᠲᠠ ᠨᠢ ᠠᠶᠤᠯᠲᠠᠢ ᠬᠢᠮᠢ ᠶᠢᠨ ᠪᠣᠳᠠᠰ᠂  ᠫᠤᠤᠵᠢᠩ᠂ ᠴᠠᠬᠢᠯᠭᠠᠨ ᠭᠠᠩᠨᠠᠯᠲᠠ᠂ ᠢᠳᠡᠭᠡᠨ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠵᠢᠴᠢ ᠵᠢᠵᠢᠭ ᠳᠡᠯᠭᠡᠭᠦᠷ ᠬᠤᠳᠠᠯᠳᠤᠭ᠎ᠠ ᠵᠡᠷᠭᠡ ︽ᠶᠢᠰᠦᠨ ᠵᠢᠵᠢᠭ︾ ᠲᠠᠯᠠᠪᠤᠷ  ᠢᠶᠠᠷ ᠭᠤᠤᠯᠳᠠᠯᠭ᠎ᠠ ᠪᠤᠯᠭᠠᠨ  ᠂ ᠡᠵᠡᠩᠨᠡᠯᠲᠡ ᠬᠢᠵᠦ ᠪᠠᠶᠢᠭ᠎ᠠ 23 ᠭᠤᠣᠯ ᠴᠣᠭᠴᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠨᠢ ᠠᠵᠤ ᠠᠬᠤᠶᠢᠯᠠᠯ ᠪᠠ  ᠲᠡᠯᠬᠡᠬᠦᠷ ᠬᠤᠳᠠᠯᠳᠤᠭᠠᠨ ᠤ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ  ᠤᠨᠳᠠᠷᠠᠭᠠᠬᠤ ᠪᠡᠯᠳᠭᠡᠯ ᠲᠦᠬᠦᠭᠡᠷᠦᠮᠵᠢ ᠨᠢ ᠪᠦᠷᠢᠨ ᠪᠦᠲᠦᠨ ᠡᠰᠡᠬᠦ᠂  ᠠᠶᠤᠯ ᠠᠴᠠ ᠵᠠᠶᠢᠯᠠᠬᠤ ᠵᠠᠮ ᠪᠠ ᠤᠷᠤᠵᠤ ᠭᠠᠷᠬᠤ ᠡᠭᠦᠳᠡ ᠶᠢ ᠰᠠᠭᠠᠳ ᠦᠬᠡᠢ ᠨᠡᠪᠳᠡᠷᠡᠬᠦᠯᠦᠭᠰᠡᠨ ᠡᠰᠡᠬᠦ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠨᠢ  ᠲᠦᠷᠢᠮᠵᠢᠯ ᠲᠠᠢ ᠡᠰᠡᠬᠦ᠂  ᠫᠤᠤᠵᠢᠩ ᠬᠠᠳᠠᠭᠠᠯᠠᠵᠤ ᠵᠦᠬᠡᠬᠡᠪᠦᠷᠢᠯᠡᠬᠦ ᠨᠢ ᠠᠮᠤᠷ ᠲᠦᠪᠰᠢᠨ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂  ᠢᠯᠡᠷᠡᠭᠦᠯᠦᠭᠰᠡᠨ ᠬᠡᠮ ᠰᠣᠭᠤᠭ ᠢ  ᠴᠠᠭ ᠲᠤᠬᠠᠢ ᠳᠤᠨᠢ ᠴᠡᠭᠴᠡᠯᠡᠨ  ᠰᠠᠶᠢᠵᠢᠷᠠᠭᠤᠯᠬᠤ  ᠱᠠᠭᠠᠷᠳᠠᠯᠭ᠎ᠠ ᠲᠠᠯᠪᠢᠭᠰᠠᠨ ᠤ ᠬᠠᠮᠳᠤ᠂  ᠬᠠᠷᠢᠭᠤᠴᠠᠯᠭᠠᠲᠠᠨ ᠢ ᠠᠵᠠ ᠬᠠᠷᠠᠬᠤ ᠪᠤᠳᠤᠯ ᠢᠶᠠᠨ ᠲᠡᠪᠴᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠨ  ᠠᠶᠤᠯ ᠠᠴᠠ ᠵᠠᠶᠢᠯᠠᠵᠤ ᠠᠮᠢ ᠵᠢᠭᠤᠲᠠᠬᠤ ᠵᠡᠷᠭᠡ ᠶᠡᠷᠦ ᠶᠢᠨ ᠮᠡᠳᠡᠯᠭᠡ ᠶᠢ ᠪᠣᠯᠪᠠᠰᠤᠷᠠᠩᠭᠤᠢ ᠡᠵᠡᠮᠰᠢᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号