ᠬᠠᠯᠠᠭᠤᠨ ᠮᠡᠨᠳᠦᠴᠢᠯᠡᠯ ᠢ ᠬᠥᠳᠡᠯᠮᠦᠷᠢᠴᠢᠳ ᠲᠤ ᠲᠡᠪᠰᠢᠬᠦᠯᠵᠦ ᠬᠠᠶᠢᠷ᠎ᠠ ᠬᠠᠯᠠᠮᠵᠢ ᠪᠠᠷ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/2/5
   ᠦᠯᠵᠡᠢ ᠪᠡᠯᠭᠡᠳᠦ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ︽ ᠬᠦᠳᠡᠯᠮᠦᠷᠢᠴᠢᠳ ᠲᠤ ᠬᠠᠯᠠᠮᠵᠢ ᠬᠦᠷᠭᠡᠵᠦ ·  ᠬᠦᠳᠡᠯᠮᠦᠷᠢᠴᠢᠳ ᠲᠤ ᠬᠦᠨᠳᠦᠳᠬᠡᠯ  ᠲᠡᠪᠰᠢᠬᠦᠯᠬᠦ︾  ᠲᠤᠬᠤᠨᠢᠭᠤᠯᠭ᠎ᠠ ᠶᠢᠨ ᠠᠵᠢᠯᠯᠠᠭ᠎ᠠ ᠶᠢ ᠦᠷᠨᠢᠬᠦᠯᠵᠦ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂  ᠠᠵᠢᠯᠴᠢᠨ ᠤ ᠶᠡᠷᠦᠩᠬᠡᠢ ᠡᠪᠯᠡᠯ ᠠᠴᠠ ᠠᠷᠠᠳ ᠤᠨ ᠴᠠᠭᠳᠠᠭ᠎ᠠ᠂ ᠲᠡᠭᠡᠭᠡᠪᠦᠷᠢ ᠶᠢᠨ ᠵᠢᠯᠤᠭᠤᠴᠢ᠂ ᠡᠮᠨᠡᠯᠭᠡ ᠶᠢᠨ ᠠᠵᠢᠯᠲᠠᠨ ᠵᠡᠷᠭᠡ ᠶᠢ ᠪᠠᠭᠲᠠᠭᠠᠭᠰᠠᠨ 302 ᠡᠮᠦᠨ᠎ᠡ ᠹᠷᠣᠨᠲ ᠤᠨ ᠠᠵᠢᠯᠲᠠᠨ  ᠪᠠ ᠬᠤᠭᠤᠯᠠ ᠬᠦᠷᠭᠡᠭᠴᠢ᠂  ᠪᠠᠷᠠᠭ᠎ᠠ ᠬᠦᠷᠭᠡᠭᠴᠢ ᠵᠡᠷᠭᠡ ᠰᠢᠨ᠎ᠡ ᠡᠵᠡᠩᠨᠡᠯᠲᠡ ᠶᠢᠨ ᠴᠤᠭᠴᠠ ᠶᠢᠨ ᠠᠵᠢᠯᠳᠠᠳ ᠢ ᠬᠠᠯᠠᠮᠵᠢᠯᠠᠨ ᠲᠣᠬᠤᠨᠢᠭᠤᠯᠵᠤ᠂ ᠨᠡᠶᠢᠲᠡ 60400 ᠲᠥᠭᠦᠷᠢᠭ ᠤᠨ ᠦᠷᠳᠡᠭ ᠪᠦᠬᠦᠢ ᠲᠤᠬᠤᠨᠢᠭᠤᠯᠭ᠎ᠠ ᠪᠣᠳᠠᠰ ᠢ ᠲᠠᠷᠬᠠᠭᠠᠵᠠᠢ᠃ 1 ᠰᠠᠷ᠎ᠠ  ᠎ ᠠᠴᠠ ᠨᠠᠰᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠪᠠᠶᠠᠷ ᠤᠨ ᠡᠳᠦᠷ ᠤᠨ  ᠲᠤᠬᠤᠨᠢᠭᠤᠯᠭ᠎ᠠ ᠬᠢᠵᠦ᠂  ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠭ᠎ᠠ ᠨᠢᠭᠡᠳᠦᠭᠡᠷ ᠹᠷᠣᠨᠲ ᠤᠨ ᠠᠵᠢᠯᠲᠠᠨ  ᠂ ᠬᠦᠴᠢᠷᠳᠡᠯᠲᠡᠢ ᠠᠵᠢᠯᠲᠠᠨ ᠵᠡᠷᠭᠡ 600 ᠭᠠᠷᠤᠢ ᠬᠦᠳᠡᠯᠮᠦᠷᠢᠴᠢᠨ ᠳᠤ ᠨᠡᠶᠢᠲᠡ 270900 ᠲᠥᠭᠦᠷᠢᠭ ᠤᠨ ᠲᠣᠬᠤᠨᠢᠭᠤᠯᠬᠤ ᠮᠥᠩᠭᠦ  ᠪᠤᠶᠤ ᠲᠣᠬᠤᠨᠢᠭᠤᠯᠬᠤ ᠪᠣᠳᠠᠰ ᠢ ᠲᠠᠷᠬᠠᠭᠠᠭᠠᠳ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠥᠷᠭᠡᠨ ᠣᠯᠠᠨ ᠬᠦᠳᠡᠯᠮᠦᠷᠢᠴᠢᠳ ᠲᠤ ᠲᠠᠮᠵᠢᠭᠤᠯᠤᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号