ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠭᠦᠨᠵᠡᠭᠡᠢ ᠠᠬᠢᠭᠰᠠᠨ
ᠨᠡᠶᠢᠲᠡᠯᠡᠭᠰᠡᠨ ᠴᠠᠭ᠄
2024/2/5
  2023 ᠤᠨ ᠳᠤ᠂ ᠲᠠᠶᠢᠹᠤᠰᠧ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ  ᠦᠷᠬᠦᠯᠵᠢᠯᠡᠨ ᠪᠦᠲᠦᠮᠵᠢᠲᠡᠢ ᠵᠤᠯᠭᠠᠭᠤᠯᠵᠤ᠂  ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂  103 ᠡᠷᠦᠬᠡ 174 ᠬᠥᠮᠥᠨ ᠤ ᠶᠠᠳᠠᠭᠤᠷᠠᠯ ᠤᠨ ᠲᠦᠭᠰᠢᠬᠦᠷᠢ ᠶᠢ ᠠᠷᠢᠯᠭᠠᠵᠤ ᠬᠢᠨᠠᠨ ᠬᠡᠮᠵᠢᠬᠦ ᠨᠢᠭᠤᠷᠯᠠᠯ ᠠᠴᠠ ᠭᠠᠷᠭᠠᠭᠰᠠᠨ ᠪᠠᠶᠢᠨ᠎ᠠ᠃  ᠡᠯ᠎ᠡ ᠲᠥᠷᠥᠯ ᠤᠨ ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ ᠮᠥᠩᠭᠦ ᠶᠢ 2.1 ᠳ᠋ᠦᠩᠰᠢᠭᠤᠷ ᠲᠥᠭᠦᠷᠢᠭ ᠣᠷᠣᠭᠤᠯᠵᠤ᠂ ᠣᠨᠴᠠᠯᠢᠭᠲᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠵᠡᠷᠭᠡ  ᠳᠤ ᠬᠤᠯᠪᠤᠭᠳᠠᠭᠰᠠᠨ 53 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ 509  ᠬᠦᠮᠦᠨ ᠳᠤ ᠠᠵᠢᠯ ᠤᠯᠭᠤᠭᠰᠠᠨ ᠤ ᠬᠠᠮᠳᠤ᠂  3440 ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠲᠤᠬᠠᠢ ᠶᠢᠨ ᠭᠠᠵᠠᠷ ᠲᠤᠨᠢ ᠪᠤᠶᠤ ᠰᠢᠯᠵᠢᠭᠦᠯᠦᠨ ᠠᠵᠢᠯ ᠣᠯᠭᠤᠵᠤ᠂  ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠦᠬᠦᠪᠦᠷᠢ 22 ᠲᠦᠮᠡᠨ ᠲᠥᠭᠦᠷᠢᠭ ᠢ ᠲᠠᠷᠬᠠᠭᠠᠵᠠᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠤᠷᠰᠢᠯᠳᠠ  ᠶᠢᠨ ᠴᠡᠭ 1 ᠶᠢ ᠪᠠᠶᠢᠭᠤᠯᠤᠨ᠂ 237 ᠡᠷᠦᠬᠡ ᠶᠢᠨ ᠵᠣᠷᠯᠣᠩ ᠳᠤ ᠦᠬᠡᠷᠡᠴᠢᠯᠡᠯᠳᠡ ᠬᠢᠵᠦ᠂ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠨᠡᠶᠢᠭᠡᠮᠴᠢᠯᠡᠭᠰᠡᠨ ᠡᠵᠡᠩᠨᠡᠯᠲᠡ ᠶᠢᠨ ᠦᠢᠯᠡᠴᠢᠯᠡᠭᠡ ᠶᠢ 3 ᠲᠦᠮᠡᠨ ᠤᠳᠠᠭ᠎ᠠ ᠪᠡᠶᠡᠯᠡᠬᠦᠯᠦᠭᠡᠳ᠂ ᠠᠰᠢᠭ ᠭᠥᠷᠳᠡᠭᠰᠡᠨ ᠣᠯᠠᠨ ᠲᠦᠮᠡᠨ 35 ᠲᠦᠮᠡᠨ ᠬᠥᠮᠥᠨ ᠤᠳᠠᠭ᠎ᠠ ᠳᠤ ᠬᠥᠷᠪᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠲᠣᠰᠬᠤᠨ 3᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂  ᠵᠢᠱᠢᠶ᠎ᠡ ᠦᠵᠡᠭᠦᠯᠬᠦ ᠲᠣᠰᠬᠤᠨ 1 ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠦᠭᠡᠳ  ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠨᠢ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂  ᠯᠦᠸᠧ ᠲᠦᠸᠧ ᠱᠠᠨ ᠪᠠᠯᠭᠠᠰᠤᠨ ᠤ ᠵᠠᠩ ᠹᠠᠩ ᠱᠠᠨ ᠲᠣᠰᠬᠤᠨ ᠨᠢ ᠶᠢᠰᠦᠳᠦᠭᠡᠷ ᠪᠦᠯᠦᠭ ᠤᠨ ᠪᠥᠬᠦ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ 2700 ᠭᠠᠷᠤᠢ ᠺᠠᠳ᠋ᠷ ᠪᠠ ᠮᠡᠷᠭᠡᠵᠢᠯ ᠤᠨ ᠠᠵᠢᠯᠲᠠᠨ ᠢ  ᠪᠤᠯᠪᠠᠰᠤᠷᠠᠯ ᠳᠤ ᠤᠷᠤᠯᠴᠠᠭᠤᠯᠤᠨ᠂ ᠡᠯ᠎ᠡ ᠲᠥᠷᠥᠯ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠪᠤᠷᠤᠯᠠᠭᠤᠯᠭ᠎ᠠ 3.5 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号