1. ᠣᠯᠣᠰ᠂ ᠣᠷᠣᠨ᠂ ᠠᠶᠢᠮᠠᠭ ᠪᠠ ᠪᠦᠬᠦ ᠬᠤᠰᠢᠭᠤᠨ ᠤ ᠣᠯᠣᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠠ ᠶᠢᠨ ᠳᠣᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠦᠨ᠎ᠡ᠃ ᠬᠤᠰᠢᠭᠤᠨ ᠤ ᠪᠣᠳᠠᠲᠤ ᠪᠠᠶᠢᠳᠠᠯ ᠪᠠ ᠠᠶᠢᠮᠠᠭ ᠤᠨ ᠪᠦᠬᠦᠯᠢ ᠴᠣᠭᠴᠠ ᠶᠢᠨ ᠬᠥᠭᠵᠢᠯᠲᠠ | ᠶᠢᠨ ᠲᠥᠯᠥᠪᠵᠢᠭᠦᠯᠭᠡ ᠶᠢ ᠥᠨᠳᠦᠰᠦᠯᠡᠨ᠂ ᠪᠦᠬᠦ ᠬᠤᠰᠢᠭᠤᠨ ᠤ ᠣᠯᠣᠰ ᠠᠷᠠᠳ ᠤᠨ ᠠᠵᠦ ᠠᠬᠤᠢ ᠪᠠ ᠨᠡᠶᠢᠭᠡᠮ | ᠤᠨ ᠭᠥᠭᠵᠢᠯᠲᠡ ᠶᠢᠨ ᠳᠣᠮᠳᠠ ᠣᠷᠲᠦ ᠬᠤᠭᠤᠴᠠᠭᠠᠨ ᠤ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ | ᠰᠣᠳᠣᠯᠣᠨ ᠳᠣᠭᠲᠠᠭᠠᠨ᠎ᠠ᠃ | 2. ᠣᠯᠣᠰ᠂ ᠣᠷᠣᠨ᠂ ᠠᠶᠢᠮᠠᠭ ᠤᠨ ᠠᠵᠦ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠠ ᠶᠢᠨ | ᠳᠣᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ | ᠶᠡᠷᠥᠩᠬᠡᠶᠢᠯᠡᠭᠰᠡᠨ ᠴᠢᠨᠠᠷᠲᠠᠢ ᠠᠵᠦ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠠ ᠶᠢᠨ ᠲᠥᠰᠥᠪ ᠢ ᠵᠤᠬᠢᠶᠠᠨ | ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠦᠬᠦᠢ ᠳᠣᠰᠬᠠᠢ ᠲᠥᠷᠥᠯ ᠵᠦᠢᠯ ᠤᠨ ᠠᠵᠦ ᠠᠬᠤᠢ ᠶᠢᠨ ᠪᠠᠶᠢᠭᠤᠯᠤᠯ | ᠤᠨ ᠥᠭᠡᠷᠡᠴᠢᠯᠡᠯᠲᠠ ᠶᠢᠨ ᠠᠵᠢᠯ ᠢ ᠵᠣᠬᠢᠴᠠᠭᠤᠯᠣᠨ᠎ᠠ᠃ ᠪᠦᠬᠦ ᠬᠤᠰᠢᠭᠤᠨ ᠤ ᠠᠵᠦ ᠠᠬᠤᠢ ᠶᠢᠨ ᠪᠠᠶᠢᠭᠤᠯᠤᠯ | ᠤᠨ ᠥᠭᠡᠷᠡᠴᠢᠯᠡᠯᠲᠠ ᠪᠠ ᠭᠠᠳᠠᠭᠠᠳᠣ ᠲᠠᠢ ᠴᠢᠯᠤᠭᠡᠲᠠᠢ ᠬᠠᠷᠢᠯᠴᠠᠬᠤ ᠴᠢᠬᠤᠯᠠ ᠶᠡᠭᠡ ᠠᠰᠠᠭᠤᠳᠠᠯ ᠢ ᠰᠣᠳᠣᠯᠣᠨ᠂ | ᠬᠠᠮᠢᠶ᠎ᠠ ᠪᠦᠬᠦᠢ ᠲᠥᠷᠦ ᠶᠢᠨ ᠪᠣᠳᠣᠯᠭ᠎ᠠ᠂ ᠲᠦᠷᠢᠮ ᠳᠣᠭᠲᠠᠭᠠᠯ ᠢ ᠲᠤᠭᠳᠠᠭᠠᠬᠤ ᠪᠠ ᠬᠡᠷᠡᠭᠵᠢᠭᠦᠯᠬᠦ ᠳᠤ | ᠣᠷᠣᠯᠴᠠᠨ᠎ᠠ᠃ | 3. ᠣᠷᠣᠨ ᠨᠣᠳᠤᠭ ᠤᠨ ᠠᠵᠦ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠡᠬᠢ ᠪᠠᠶᠠᠯᠢᠭ ᠢ | ᠠᠷᠪᠢᠯᠠᠬᠤ ᠪᠠ ᠶᠡᠷᠥᠩᠭᠡᠶᠢᠯᠡᠨ ᠠᠰᠢᠭᠯᠠᠬᠤ ᠲᠦᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠪᠦᠬᠦ | ᠬᠤᠰᠢᠭᠤᠨ ᠤ ᠥᠨᠳᠣᠰᠣᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠡᠬᠢᠨ ᠤ ᠬᠤᠭᠤᠴᠠᠭᠠᠨ ᠤ | ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ | 4. ᠣᠯᠣᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠥᠭᠵᠢᠯᠲᠡ ᠳᠤ ᠵᠠᠳᠠᠯᠤᠯᠳᠠ ᠬᠢᠵᠦ᠂ ᠵᠦᠢ | ᠵᠣᠬᠢᠰᠲᠠᠢ ᠰᠠᠨᠠᠭᠤᠯᠭ᠎ᠠ ᠳᠣᠷᠠᠳᠣᠨ᠎ᠠ᠃ | 5. ᠪᠦᠬᠦ ᠬᠤᠰᠢᠭᠤᠨ ᠤ ᠨᠡᠶᠢᠭᠡᠮ ᠤᠨ ᠳᠣᠭᠲᠠᠮᠠᠯ ᠬᠦᠷᠥᠩᠬᠡ ᠶᠢᠨ ᠪᠡᠯᠡ ᠣᠷᠣᠭᠤᠯᠣᠯᠲᠠ ᠶᠢᠨ ᠶᠡᠷᠥᠩᠬᠡᠢ | ᠬᠡᠪᠴᠢᠶ᠎ᠡ ᠶᠢ ᠰᠣᠳᠣᠯᠣᠨ ᠳᠣᠷᠠᠳᠣᠨ᠎ᠠ᠃ ᠪᠦᠬᠦ ᠨᠡᠶᠢᠭᠡᠮ ᠤᠨ ᠪᠡᠯᠡ ᠬᠦᠷᠥᠩᠭᠡ ᠶᠢᠨ ᠲᠡᠩᠴᠡᠭᠦᠷᠢ ᠶᠢᠨ | ᠲᠥᠯᠥᠪᠯᠡᠭᠡ ᠶᠢ ᠵᠤᠬᠢᠶᠠᠨ ᠪᠠᠶᠢᠭᠤᠯᠵᠤ ᠨᠠᠶᠢᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠥᠨᠳᠤᠰᠤᠨ | ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠣᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ | ᠵᠣᠬᠢᠴᠠᠭᠤᠯᠣᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ | ᠶᠢᠨ ᠬᠢᠨᠠᠯᠲᠠ ᠲᠠᠯᠪᠢᠨ ᠪᠠᠶᠢᠴᠠᠭᠠᠬᠤ ᠳᠤ ᠣᠷᠣᠯᠴᠠᠨ᠎ᠠ᠃ | 6. ᠶᠡᠭᠡ ᠳᠣᠮᠳᠠ ᠬᠡᠯᠪᠡᠷᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ | ᠪᠠᠶᠢᠴᠠᠭᠠᠵᠤ ᠲᠠᠮᠵᠢᠭᠤᠯᠤᠨ ᠮᠡᠳᠡᠭᠦᠯᠦᠨ᠎ᠡ᠃ ᠣᠯᠣᠰ ᠪᠠ ᠰᠢᠯᠢ ᠶᠢᠨ ᠭᠤᠣᠯ ᠠᠶᠢᠮᠠᠭ ᠤᠨ ᠪᠡᠯᠡ | ᠣᠷᠣᠭᠤᠯᠣᠭᠰᠠᠨ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠷᠦᠢᠯ ᠤᠨ ᠢᠨᠵᠧᠨᠧᠷᠢᠩ ᠤᠨ | ᠲᠠᠭᠠᠭᠠᠴᠢᠯᠠᠯᠲᠠ ᠵᠠᠷᠯᠠᠬᠤ᠂ ᠪᠡᠯᠡ ᠮᠥᠩᠭᠦ ᠬᠡᠷᠡᠭᠰᠡᠬᠦ ᠵᠢᠴᠢ ᠪᠡᠯᠡ ᠣᠷᠣᠭᠤᠯᠣᠯᠲᠠ ᠶᠢᠨ ᠳᠣᠶᠢᠮᠤ ᠲᠥᠰᠥᠪ ᠲᠤ | ᠬᠢᠨᠠᠯᠲᠠ ᠲᠠᠯᠪᠢᠨ᠎ᠠ᠃ | 7. ᠰᠢᠨᠵᠢᠯᠡᠭᠡ ᠮᠡᠷᠭᠡᠵᠢᠯ᠂ ᠰᠣᠶᠣᠯ ᠰᠣᠷᠭᠠᠨ ᠬᠥᠮᠥᠵᠢᠯ᠂ ᠡᠷᠡᠭᠦᠯ ᠬᠠᠮᠠᠭᠠᠯᠠᠯ ᠵᠡᠷᠬᠡ ᠨᠡᠶᠢᠭᠡᠮ ᠤᠨ ᠠᠵᠢᠯ | ᠣᠶᠢᠯᠡᠰ ᠪᠠ ᠪᠦᠬᠦᠶᠢᠯᠡ ᠣᠯᠣᠰ ᠠᠷᠠᠳ ᠤᠨ ᠠᠵᠦ ᠠᠬᠤᠢ ᠶᠢᠨ ᠨᠡᠶᠢᠭᠡᠮ ᠤᠨ ᠬᠥᠭᠵᠢᠯᠲᠡ ᠶᠢᠨ | ᠲᠡᠩᠴᠡᠬᠦᠷᠢᠰᠢᠯ ᠢ ᠰᠠᠶᠢᠨ ᠬᠢᠵᠦ᠂ ᠠᠵᠦ ᠠᠬᠤᠢ ᠪᠠ ᠨᠡᠶᠢᠭᠡᠮ ᠤᠨ ᠵᠣᠬᠢᠴᠠᠩᠭᠤᠢ ᠬᠥᠭᠵᠢᠯᠲᠡ᠂ ᠬᠠᠷᠢᠯᠴᠠᠨ | ᠠᠬᠢᠭᠤᠯᠬᠤ ᠠᠷᠭ᠎ᠠ ᠠᠪᠴᠢᠯ ᠢ ᠳᠣᠷᠠᠳᠣᠨ ᠂ ᠡᠯ᠎ᠡ ᠳᠦᠷᠦᠯ ᠤᠨ ᠨᠡᠶᠢᠭᠡᠮ ᠤᠨ ᠠᠵᠢᠯ ᠤᠶᠢᠯᠡᠰ ᠤᠨ | ᠭᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠎ᠠ᠃ | 8. ᠪᠦᠬᠦ ᠬᠤᠰᠢᠭᠤᠨ ᠤ ᠠᠵᠢᠯ ᠲᠦᠷᠦᠯ ᠤᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠪᠦᠲᠦᠴᠡ ᠶᠢᠨ | ᠲᠣᠬᠢᠷᠠᠭᠤᠯᠣᠯᠲᠠ ᠪᠠ ᠲᠡᠰ ᠲᠡᠪᠰᠢᠬᠦᠯᠦᠯᠳᠡ ᠶᠢ ᠲᠥᠯᠬᠢᠨ ᠠᠬᠢᠭᠤᠯᠵᠦ᠂ ᠣᠯᠣᠰ ᠠᠷᠠᠳ ᠤᠨ ᠠᠵᠦ ᠠᠬᠤᠢ | ᠶᠢᠨ ᠴᠢᠬᠤᠯᠠ ᠪᠦᠳᠦᠭᠡᠭᠲᠡᠭᠦᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ | ᠲᠣᠷᠠᠳᠣᠨ ᠭᠠᠷᠭᠠᠨ᠎ᠠ᠃ ᠪᠦᠬᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠬᠥᠭᠵᠢᠯᠲᠡ ᠶᠢᠨ ᠬᠠᠮᠢᠶ᠎ᠠ | ᠪᠦᠬᠦᠢ ᠬᠥᠨᠳᠦ ᠴᠢᠬᠤᠯᠠ ᠠᠰᠠᠭᠤᠳᠠᠯ ᠢ ᠰᠣᠳᠣᠯᠣᠨ ᠵᠣᠬᠢᠴᠠᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ | ᠳᠣᠰᠬᠠᠢ ᠲᠦᠷᠦᠯ ᠤᠨ ᠲᠦᠯᠦᠪᠵᠢᠭᠦᠯᠭᠡ ᠪᠠ ᠲᠥᠷᠥ ᠶᠢᠨ ᠪᠣᠳᠣᠯᠭ᠎ᠠ ᠂ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠳᠠᠭᠠᠬᠤ ᠶᠢᠨ ᠬᠠᠮᠲᠤ ᠵᠣᠬᠢᠴᠠᠭᠤᠯᠵᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ ᠃ | 9. ᠬᠤᠲᠠ ᠪᠠᠯᠭᠠᠰᠤᠵᠢᠭᠰᠠᠨ ᠬᠥᠭᠵᠢᠯᠲᠡ ᠶᠢᠨ ᠪᠠᠶᠢᠳᠠᠯ ᠢ ᠰᠣᠳᠣᠯᠣᠨ ᠵᠠᠳᠠᠯᠵᠤ᠂ ᠬᠤᠲᠠ ᠪᠠᠯᠭᠠᠰᠤᠵᠢᠭᠰᠠᠨ | ᠬᠥᠭᠵᠢᠯᠲᠡ ᠶᠢᠨ ᠪᠠᠶᠢᠯᠳᠣᠬᠤ ᠪᠣᠳᠣᠯᠭ᠎ᠠ ᠵᠢᠴᠢ ᠬᠦᠨᠳᠦ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ | ᠠᠪᠴᠢᠯ ᠢ ᠳᠣᠷᠠᠳᠣᠨ᠂ ᠭᠠᠵᠠᠷ ᠣᠷᠣᠨ ᠤ ᠠᠵᠦ ᠠᠬᠤᠢ ᠶᠢᠨ ᠬᠠᠮᠵᠢᠯᠴᠠᠨ ᠠᠵᠢᠯᠯᠠᠬᠤ ᠶᠢ ᠨᠢᠭᠡᠳᠦᠯᠲᠡᠢ | ᠲᠦᠯᠦᠪᠯᠡᠵᠦ᠂ ᠵᠤᠬᠢᠴᠠᠭᠤᠯᠵᠤ᠂ ᠵᠢᠯᠤᠭᠤᠳᠤᠨ᠎ᠠ᠃ ᠪᠦᠬᠦ ᠬᠤᠰᠢᠭᠤᠨ ᠤ ︽ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠦᠭᠵᠢᠬᠦᠯᠬᠦ︾ ᠪᠠᠶᠢᠯᠳᠣᠬᠤ ᠪᠣᠳᠣᠯᠭ᠎ᠠ ᠶᠢᠨ ᠭᠡᠷᠡᠭᠵᠢᠬᠦᠯᠦᠯᠳᠡ ᠶᠢ ᠵᠣᠬᠢᠶᠠᠨ ᠪᠠᠶᠢᠭᠤᠯᠵᠤ | ᠵᠣᠬᠢᠴᠠᠭᠤᠯᠤᠨ᠂ ᠲᠦᠯᠦᠪᠵᠢᠭᠦᠯᠭᠡ ᠲᠣᠭᠲᠠᠭᠠᠬᠤ ᠂ ᠲᠥᠷᠥ ᠶᠢᠨ ᠪᠣᠳᠣᠯᠭ᠎ᠠ ᠰᠤᠳᠤᠯᠬᠤ ᠠᠵᠢᠯ ᠢ ᠰᠠᠶᠢᠳᠦᠷ | ᠬᠢᠨ᠎ᠡ᠃ | 10. ᠪᠦᠬᠦ ᠬᠤᠰᠢᠭᠤᠨ ᠤ ᠭᠠᠳᠠᠭᠠᠳᠣ ᠯᠤᠭ᠎ᠠ ᠶᠢᠨ ᠠᠷᠠᠯᠵᠢᠶ᠎ᠠ᠂ ᠠᠵᠦ ᠠᠬᠤᠢ ᠶᠢᠨ ᠮᠡᠷᠭᠡᠵᠢᠯ ᠤᠨ | ᠬᠠᠮᠵᠢᠯᠴᠠᠭ᠎ᠠ ᠪᠠ ᠭᠠᠳᠠᠭᠠᠳᠣ ᠪᠡᠯᠡ ᠶᠢ ᠠᠰᠢᠭᠯᠠᠬᠤ ᠬᠥᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠰᠣᠳᠣᠯᠣᠨ | ᠳᠣᠷᠠᠳᠣᠨ᠎ᠠ᠃ ᠪᠦᠬᠦ ᠬᠤᠰᠢᠭᠤᠨ ᠤ ᠠᠷᠠᠯᠵᠢᠶᠠᠴᠢᠨ ᠣᠷᠢᠵᠤ ᠪᠡᠯᠡ ᠣᠷᠣᠭᠤᠯᠬᠤ ᠠᠵᠢᠯ ᠢ ᠨᠢᠭᠡᠳᠤᠯᠲᠠᠢ | ᠲᠥᠯᠥᠪᠯᠡᠬᠦ ᠪᠠ ᠵᠢᠯᠤᠭᠤᠳᠴᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡᠨ ᠤ ᠪᠠᠶᠢᠳᠠᠯ᠂ ᠬᠥᠭᠵᠢᠯᠲᠡ ᠶᠢᠨ | ᠪᠠᠶᠢᠯᠳᠣᠬᠤ ᠪᠣᠳᠣᠯᠭ᠎ᠠ ᠪᠠ ᠲᠥᠯᠥᠪᠵᠢᠭᠦᠯᠭᠡ ᠶᠢ ᠰᠣᠳᠣᠯᠣᠨ ᠵᠠᠳᠠᠯᠣᠨ᠎ᠠ᠃ | 11. ᠬᠤᠰᠢᠭᠤ ᠨᠠᠮ ᠵᠠᠰᠠᠭ ᠵᠢᠴᠢ ᠳᠡᠭᠡᠷ᠎ᠡ ᠱᠠᠲᠣᠨ ᠤ ᠳᠣᠬᠠᠶᠢᠯᠠᠭᠰᠠᠨ ᠠᠵᠢᠯ ᠤᠨ ᠰᠠᠯᠠᠭ᠎ᠠ ᠮᠥᠴᠢᠷ | ᠤᠨ ᠲᠤᠰᠢᠶᠠᠭᠰᠠᠨ ᠪᠣᠰᠣᠳ ᠠᠵᠢᠯ ᠢ ᠪᠡᠶᠡᠯᠡᠭᠦᠯᠦᠨ᠎ᠡ᠃ | |