ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭᠠᠨ ᠰᠠᠷ᠎ᠠ ᠶᠢᠨ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/2/5
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠴᠢᠶᠠᠨ ᠶᠢᠨ ᠭᠧᠦ ᠪᠠᠯᠭᠠᠰᠤᠨ ᠤ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢᠨ ᠬᠢᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠲᠣᠬᠤᠨᠢᠭᠤᠯᠵᠦ᠂ ᠤᠯᠠᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠵᠦᠩᠨᠡᠯ ᠬᠦᠷᠭᠡᠵᠦ ᠪᠠᠶᠢᠨ᠎ᠠ᠃ ︽ᠰᠢᠨ᠎ᠡ ᠶᠢᠨ ᠪᠠᠷᠠᠭ᠎ᠠ ᠪᠠᠨ ᠪᠡᠯᠡᠳᠬᠡᠭᠡᠳ ᠶᠠᠮᠠᠷ ᠵᠡᠷᠭᠡ ᠪᠣᠯᠤᠭᠰᠠᠨ ᠪᠣᠶ︖︾ ︽ᠪᠠᠰᠠ ᠶᠠᠮᠠᠷ ᠬᠦᠴᠢᠷᠳᠡᠯ ᠤᠷᠤᠰᠢᠵᠤ ᠪᠠᠶᠢᠬᠤ ᠪᠤᠶ︖︾ ᠬᠡᠮᠡᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠬᠦᠳ ᠪᠠ ᠲᠤᠰᠬᠤᠨ ᠲᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠶᠢᠨ ᠤᠳᠤᠷᠢᠳᠤᠯᠭ᠎ᠠ ᠨᠠᠷ ᠲᠠᠷᠢᠶᠠᠴᠢᠳ ᠲᠠᠢ ᠲᠤᠳᠤᠨᠤᠰᠤᠭ ᠢᠶᠠᠷ ᠵᠣᠭᠤᠭᠳᠠᠵᠤ᠂  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ   ᠨᠢ ᠬᠠᠯᠠᠮᠵᠢᠯᠠᠨ ᠠᠰᠠᠭᠤᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠨᠢ ᠰᠣᠨᠣᠰᠴᠤ᠂ ᠬᠦᠰᠡᠯ ᠱᠠᠭᠠᠷᠳᠠᠯᠭ᠎ᠠ ᠶᠢ ᠨᠢ ᠤᠶᠢᠯᠠᠭᠠᠨ᠂ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠠᠶᠢᠯᠪᠤᠷᠢᠯᠠᠬᠤ ᠶᠢᠨ ᠬᠠᠮᠲᠤ  ᠂  ᠲᠤᠬᠤᠨᠢᠭᠤᠯᠭ᠎ᠠ ᠶᠢᠨ ᠮᠥᠩᠭᠦ ᠪᠠ ᠭᠤᠯᠢᠷ ᠪᠤᠳᠠᠭ᠎ᠠ ᠵᠡᠷᠭᠡ ᠠᠮᠢᠳᠤᠷᠠᠯ ᠤᠨ ᠭᠡᠷᠡᠭᠯᠡᠭᠡᠨ ᠤ ᠵᠦᠢᠯ ᠢ ᠬᠦᠷᠭᠡᠵᠦ᠂ ᠤᠯᠠᠨ ᠲᠦᠮᠡᠨ ᠤ ᠠᠮᠢᠳᠤᠷᠠᠯ  ᠳᠠᠭᠠᠨ ᠢᠳᠡᠪᠬᠢᠲᠡᠢ ᠬᠠᠨᠳᠤᠨ᠂ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠬᠤ ᠶᠢ ᠵᠤᠷᠢᠬᠵᠢᠭᠤᠯᠤᠭᠰᠠᠨ ᠪᠠᠶᠢᠨ᠎ᠠ᠃  ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠪᠠ ᠲᠤᠰᠬᠤᠨ ᠲᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠶᠢᠨ   ᠬᠢᠨ ᠡᠶᠢᠨᠬᠦ ︽ᠴᠠᠭ ᠢᠮᠠᠭᠲᠠ ᠰᠠᠨᠠᠭ᠎ᠠ  ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠪᠠᠷ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂  ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠲᠠᠮᠵᠢᠭᠤᠯᠤᠨ᠂ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠰᠢᠨᠡᠯᠡᠬᠦ   ᠶᠢ ᠪᠠᠳᠤᠯᠠᠵᠤ ᠪᠤᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号