ᠬᠤᠩ ᠴᠢ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/2/5
 2 ᠰᠠᠷ᠎ᠠ ᠶᠢᠨ 2  ᠤᠨ ᠡᠳᠦᠷ᠂  ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂   ᠵᠣᠬᠢᠶᠠᠨ ᠪᠠᠶᠢᠭᠤᠯᠬᠤ ᠭᠡᠰᠢᠭᠦᠨ ᠼᠤᠤ ᠬᠠᠢ ᠬᠤᠷᠠᠯ ᠢ ᠡᠷᠬᠢᠯᠡᠨ  ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ  ᠂  ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠯᠠᠬᠤ ᠵᠠᠩ ᠲᠠᠳᠬᠠᠯ ᠢ ᠠᠬᠢᠭᠤᠯᠬᠤ ᠲᠤᠬᠠᠢ ᠮᠡᠳᠡᠭᠳᠡᠯ︾᠂   ︽ᠲᠠᠪᠤᠨ ᠶᠡᠭᠡ  ᠡᠬᠦᠷᠭᠡ ᠶᠢᠨ ᠲᠤᠬᠠᠢ ᠺᠠᠳ᠋ᠷ ᠤᠨ ᠤᠩᠰᠢᠬᠤ ᠪᠢᠴᠢᠭ︾ ᠵᠢᠴᠢ ︽ᠨᠠᠮ ᠤᠨ  ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶   ᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠰᠤᠷᠤᠯᠴᠠᠵᠠᠢ᠃ ᠬᠤᠷᠠᠯ ᠠᠴᠠ᠂  ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠪᠠ ᠡᠭᠦᠷᠭᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃  ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠬᠤᠷᠠᠯ ᠤᠨ ᠬᠠᠷᠠᠯᠲᠠ ᠱᠠᠭᠠᠷᠳᠠᠯᠭ᠎ᠠ ᠪᠠ ᠠᠵᠢᠯ ᠡᠭᠦᠷᠭᠡ ᠶᠢ ᠣᠨᠣᠪᠴᠢᠲᠠᠢ ᠡᠵᠡᠮᠳᠡᠬᠦ ᠬᠡᠷᠡᠭᠲᠡᠢ᠃  ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠠᠮᠵᠢᠯᠳᠠ ᠲᠤᠷᠰᠢᠯᠭ᠎ᠠ ᠶᠢ ᠳ᠋ᠦᠩᠨᠡᠨ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ᠃  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠭᠤᠣᠯᠳᠠᠯᠭ᠎ᠠ ᠲᠠᠢ ᠠᠵᠢᠯ ᠡᠭᠦᠷᠭᠡ  ᠯᠦᠭᠡ ᠬᠠᠷᠢᠴᠠᠭᠤᠯᠵᠤ᠂ ᠬᠠᠷᠠᠯᠲᠠ  ᠶᠢ  ᠰᠠᠶᠢᠳᠤᠷ ᠠᠩᠬᠠᠷᠤᠨ᠂  ᠤᠨ ᠵᠢᠯ ᠤᠨ ᠠᠭᠤᠯᠵᠠᠷ ᠲᠡᠭᠡᠷᠡᠬᠢ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ  ᠰᠠᠶᠢᠲᠤᠷ ᠠᠳᠬᠤᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠪᠠᠯᠭᠠᠰᠤᠨ ᠤ ᠤᠳᠤᠷᠢᠳᠤᠯᠭ᠎ᠠ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠴᠢᠩᠭᠠᠳᠬᠠᠨ᠂  ᠴᠠᠭᠠᠨ ᠰᠠᠷ᠎ᠠ ᠶᠢᠨ ᠬᠤᠭᠤᠴᠠᠭᠠᠨ ᠤ ᠵᠢᠵᠢᠬᠦᠷ   ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠤᠳᠤᠷᠢᠳᠤᠯᠭ᠎ᠠ ᠲᠠᠭᠠᠭᠤᠯᠵᠤ 24 ᠴᠠᠭ ᠢᠶᠠᠷ ᠵᠢᠵᠢᠬᠦᠷᠯᠡᠬᠦ ᠳᠦᠷᠢᠮ ᠢ ᠴᠢᠩᠭ᠎ᠠ  ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠭᠠᠷᠪᠠᠯ  ᠴᠠᠭ ᠲᠤᠬᠠᠢ ᠳᠤᠨᠢ ᠰᠢᠢᠳᠪᠦᠷᠢᠯᠡᠵᠦ ᠮᠡᠳᠡᠭᠦᠯᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号