ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠡᠳ᠋ᠰᠢᠬᠦᠯᠦᠯᠳᠡ ᠶᠢ ᠰᠠᠶᠢᠨ ᠬᠢᠵᠦ ᠲᠠᠷᠢᠶᠠᠯᠠᠩ ᠮᠠᠯᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/2/8
   ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠬᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠵᠠᠮ᠂  ᠮᠦᠨᠴᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠬᠥᠭᠵᠢᠯᠲᠡ ᠶᠢᠨ ᠴᠢᠭᠯᠡᠯ ᠪᠤᠯᠤᠨ᠎ᠠ᠃  ᠲᠠᠶᠢᠹᠤᠰᠧ ᠬᠤᠰᠢᠭᠤ ᠨᠢ ᠥᠪᠡᠷᠮᠢᠴᠡ ᠣᠨᠴᠠᠯᠢᠭ ᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠳᠠᠭᠠᠭᠤᠯᠤᠭᠴᠢ ᠠᠵᠤ ᠠᠬᠤᠶᠢᠯᠠᠯ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠡᠳ᠋ᠰᠢᠬᠦᠯᠦᠯᠳᠡ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯᠴᠢᠨ ᠲᠠᠷᠢᠶᠠᠴᠢᠨ ᠢ ᠳᠠᠭᠠᠭᠤᠯᠤᠨ ᠣᠳᠣᠬᠢᠴᠢᠯᠠᠯᠲᠠ ᠶᠢᠨ ᠵᠠᠮ ᠳᠤ ᠴᠢᠮᠪᠠᠢ ᠠᠯᠬᠤᠨᠠᠮ᠃     2023 ᠣᠨ ᠳᠤ ᠪᠠᠶᠢᠭᠤᠯᠤᠭᠳᠠᠭᠰᠠᠨ ᠥᠪᠥᠷ ᠮᠣᠩᠭᠤᠯ ᠤᠨ ᠮᠧᠩ ᠴᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠤᠯ ᠦᠬᠡᠷ ᠬᠤᠨᠢ ᠨᠢᠲᠤᠯᠵᠤ ᠡᠳ᠋ᠰᠢᠭᠦᠯᠬᠦ᠂ ᠦᠬᠡᠷ ᠬᠤᠨᠢᠨ ᠮᠢᠬᠠᠨ ᠤ ᠬᠠᠭᠠᠰ ᠡᠳ᠋ᠰᠢᠬᠦᠯᠦᠭᠰᠡᠨ  ᠵᠠᠭᠤᠰᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠣᠨ᠎ᠠ᠃  ᠲᠤᠰ ᠺᠤᠮᠫᠠᠨᠢ ᠶᠢᠨ ᠬᠢᠨ 2023 ᠣᠨ ᠤ 11 ᠰᠠᠷ᠎ᠠ ᠳᠤ ᠲᠤᠷᠰᠢᠨ ᠦᠢᠯᠡᠳᠪᠦᠷᠢᠯᠡᠵᠦ ᠡᠬᠢᠯᠡᠭᠰᠡᠨ ᠠᠴᠠ ᠨᠠᠰᠢ ᠦᠬᠡᠷ ᠬᠤᠨᠢᠨ ᠤ ᠭᠡᠳᠡᠰᠦ ᠲᠤᠳᠤᠷ ᠵᠡᠷᠭᠡ ᠳᠠᠭᠠᠯᠲᠠ ᠪᠦᠲᠦᠭᠡᠭᠳᠡᠬᠦᠨ ᠢ ᠡᠳᠦᠷ ᠲᠤ 40 ᠲᠣᠨ ᠦᠢᠯᠡᠳᠪᠦᠷᠢᠯᠡᠵᠦ᠂  ᠤᠳᠤ ᠨᠢᠭᠡᠨᠲᠡ ᠪᠤᠯᠭᠤᠭᠰᠠᠨ ᠢᠳᠡᠭᠡᠨ ᠢ ᠪᠣᠯᠪᠠᠰᠤᠷᠠᠭᠤᠯᠬᠤ᠂ ᠪᠦᠲᠦᠭᠡᠭᠳᠡᠬᠦᠨ ᠢ ᠪᠤᠭᠤᠳᠠᠯᠯᠠᠵᠤ ᠪᠠᠭᠯᠠᠬᠤ ᠵᠢᠴᠢ ᠬᠦᠢᠲᠡᠨ ᠢᠶᠠᠷ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠠᠢ᠃ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠳᠤ ᠬᠤᠨᠢᠨ ᠮᠢᠬ᠎ᠠ  ᠶᠢ ᠰᠢᠨ᠎ᠡ ᠰᠣᠷᠭᠤᠭ ᠢᠶᠠᠷ ᠬᠠᠳᠠᠭᠠᠯᠠᠬᠤ ᠮᠡᠷᠭᠡᠵᠢᠯ ᠤᠨ ᠰᠤᠳᠤᠯᠭ᠎ᠠ ᠪᠠᠷ ᠭᠤᠣᠯ ᠪᠣᠯᠭᠠᠵᠤ᠂ ᠬᠠᠲᠠᠭᠠᠭᠰᠠᠨ ᠦᠬᠡᠷ ᠤᠨ ᠮᠢᠬ᠎ᠠ᠂ ᠦᠬᠡᠷ ᠬᠤᠨᠢᠨ ᠤ ᠭᠡᠳᠡᠰᠦ ᠲᠤᠳᠤᠷ᠂ ᠰᠢᠷᠠᠭᠰᠠᠨ ᠬᠤᠨᠢᠨ ᠤ ᠭᠤᠶ᠎ᠠ ᠵᠡᠷᠭᠡ ᠰᠢᠷᠢᠰ ᠦᠢᠯᠡᠳᠬᠦᠨ ᠤ ᠲᠣᠭᠤᠷᠢᠨ ᠳᠤ  ᠰᠤᠳᠤᠯᠭ᠎ᠠ ᠨᠡᠭᠡᠭᠡᠯᠳᠡ ᠬᠢᠬᠦ ᠪᠠᠷ ᠪᠠᠶᠢᠨ᠎ᠠ᠃    ᠮᠧᠩ ᠴᠠᠩ ᠺᠣᠮᠫᠠᠨᠢ ᠶᠢᠨ ᠬᠠᠷᠢᠭᠤᠴᠠᠯᠭᠠᠲᠠᠨ ᠶᠠᠩ ᠱᠣᠸ ᠪᠥᠸᠧ᠄ ︽ᠨᠢᠭᠡᠳᠦᠭᠡᠷ ᠬᠤᠭᠤᠴᠠᠭᠠᠨ ᠳᠤ 510 ᠲᠦᠮᠡᠨ ᠲᠥᠭᠦᠷᠢᠭ ᠤᠨ ᠪᠡᠯᠡ ᠤᠷᠤᠭᠤᠯᠵᠠᠢ᠂ ᠣᠲᠣ ᠶᠠᠭ ᠲᠤᠷᠰᠢᠨ ᠦᠢᠯᠡᠳᠪᠦᠷᠢᠯᠡᠵᠦ ᠪᠠᠶᠢᠨ᠎ᠠ᠂ 2024 ᠣᠨ ᠳᠤ  ᠵᠢᠩᠬᠢᠨᠢ ᠪᠠᠷ  ᠦᠢᠯᠡᠳᠪᠦᠷᠢᠯᠡᠯ ᠡᠬᠢᠯᠡᠭᠰᠡᠨ ᠤ ᠳᠠᠷᠠᠭ᠎ᠠ  ᠪᠠᠷᠤᠭ 550 ᠲᠦᠮᠡᠨ ᠲᠣᠨ ᠦᠬᠡᠷ ᠬᠤᠨᠢᠨ  ᠤ ᠮᠢᠬ᠎ᠠ ᠪᠣᠯᠪᠠᠰᠤᠷᠠᠭᠤᠯᠣᠨ᠎ᠠ︾᠃    ᠲᠠᠶᠢᠹᠤᠰᠧ ᠬᠤᠰᠢᠭᠤᠨ ᠤ ᠶᠢᠨ ᠬᠠᠢ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠤᠷᠤᠬᠤᠶ᠎ᠠ᠂ ᠠᠵᠢᠯᠴᠢᠳ ᠲᠤᠰ ᠲᠤᠰ ᠤᠨ ᠠᠵᠢᠯ ᠤᠨ ᠪᠠᠶᠢᠷᠢ ᠲᠡᠭᠡᠷ᠎ᠡ ᠪᠠᠨ ᠡᠮᠬᠢ ᠳᠢᠭᠯᠢᠮ ᠲᠠᠢ ᠠᠵᠢᠯᠯᠠᠵᠠᠭᠠᠵᠤ ᠪᠠᠶᠢᠯ᠎ᠠ᠃ ᠣᠶᠢᠯᠠᠭᠠᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ ᠠᠵᠤ ᠠᠬᠤᠶᠢᠯᠠᠯ ᠤᠨ ᠬᠢᠨ ᠦᠬᠡᠷ ᠬᠤᠨᠢᠨ ᠤ ᠮᠢᠬ᠎ᠠ ᠵᠡᠷᠭᠡ ᠣᠨᠴᠠ ᠭᠠᠷᠤᠯᠲᠠ ᠶᠢ 30 ᠭᠠᠷᠤᠢ ᠲᠦᠮᠡᠨ ᠵᠢᠩ ᠡᠳ᠋ᠰᠢᠭᠦᠯᠦᠨ ᠪᠤᠷᠤᠯᠠᠭᠤᠯᠵᠠᠢ  ᠃  ᠰᠠᠶ᠋ᠢᠬᠠᠨ ᠳᠠᠭᠤᠰᠤᠭᠰᠠᠨ ︽ᠰᠢᠯᠢ ᠶᠢᠨ ᠭᠤᠣᠯ ᠤᠨ ᠭᠠᠷ ᠤᠨ ᠪᠡᠯᠡᠭ︾ ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠳᠤ ᠲᠣᠰ ᠺᠤᠮᠫᠠᠨᠢ ᠶᠢᠨ ᠦᠢᠯᠡᠳᠪᠦᠷᠢᠯᠡᠭᠰᠡᠨ ᠬᠠᠲᠠᠭᠠᠭᠰᠠᠨ ᠦᠬᠡᠷ ᠤᠨ ᠮᠢᠬᠠᠨ ᠤ ᠪᠦᠲᠦᠭᠡᠭᠳᠡᠬᠦᠨ ᠨᠢ ᠠᠮᠵᠢᠯᠲᠠ ᠲᠠᠢ ᠪᠠᠷ  ᠰᠤᠩᠭᠤᠭᠳᠠᠨ ᠤᠷᠤᠭᠰᠠᠨ ᠪᠠᠶᠢᠯ᠎ᠠ᠃     ᠶᠢᠨ ᠬᠠᠢ ᠺᠣᠮᠫᠠᠨᠢ ᠶᠢᠨ ᠬᠠᠷᠢᠭᠤᠴᠠᠯᠭᠠᠲᠠᠨ ᠯᠢᠦᠢ ᠴᠢᠩ ᠪᠥᠸᠧ᠄ ︽ᠤᠳᠤ ᠡᠳᠦᠷ ᠳᠤ 1000 ᠵᠢᠩ  ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠵᠦ ᠳᠡᠶᠢᠯᠦᠨ᠎ᠡ᠂ 2023 ᠣᠨ ᠤ ᠪᠣᠷᠤᠯᠠᠭᠤᠯᠭ᠎ᠠ 1200 ᠲᠦᠮᠡᠨ ᠲᠥᠭᠦᠷᠢᠭ ᠲᠤ ᠬᠦᠷᠴᠡᠢ᠂ ᠲᠠᠷᠠᠭ᠎ᠠ ᠪᠠᠷ ᠪᠢᠳᠡ ᠦᠬᠡᠷ ᠬᠤᠨᠢᠨ ᠮᠢᠬᠠᠨ ᠤ ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ ᠲᠠᠯᠠᠪᠠᠷ  ᠰᠤᠳᠤᠯᠭ᠎ᠠ ᠬᠢᠵᠦ᠂ ᠨᠠᠷᠠᠲᠤ ᠲᠡᠮᠳᠡᠭ ᠢᠶᠠᠨ ᠦᠷᠭᠦᠯᠵᠢᠯᠡᠨ ᠪᠤᠵᠠᠭᠠᠶᠢᠷᠠᠭᠤᠯᠬᠤ ᠪᠤᠯᠤᠨ᠎ᠠ︾᠃    ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ  ᠲᠦᠰᠦᠪ︾ ᠤᠨ ᠱᠠᠭᠠᠷᠳᠠᠯᠭ᠎ᠠ ᠶᠣᠰᠣᠭᠠᠷ᠂ ᠠᠮᠢ ᠠᠬᠤᠢ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠠᠵᠤ  ᠦᠢᠯᠡᠰᠵᠢᠬᠦᠯᠬᠦ ᠲᠥᠷᠥᠯ ᠵᠦᠢᠯ ᠤᠨ ᠪᠡᠯᠡ ᠮᠥᠩᠭᠦ ᠶᠢ ᠰᠠᠶᠢᠲᠤᠷ ᠬᠡᠷᠡᠭᠯᠡᠨ᠂ ᠣᠨᠴᠠᠯᠢᠭᠲᠤ ᠪᠦᠲᠦᠭᠡᠭᠳᠡᠬᠦᠨ ᠤ ᠲᠠᠯ᠎ᠠ ᠪᠠᠷ ᠬᠦᠴᠦ ᠣᠷᠣᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢ ᠨᠠᠩ ᠬᠦᠰᠡᠯ ᠡᠷᠡᠮᠡᠯᠵᠡᠯ ᠲᠠᠢ᠂ ᠨᠠᠩ ᠠᠰᠢᠭ ᠲᠤᠰᠠ ᠲᠠᠢ ᠠᠵᠤ ᠦᠢᠯᠡᠰ ᠪᠤᠯᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号