ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠬᠤ ᠶᠢᠨ | ᠲᠥᠯᠥᠭᠡ᠂ ᠶᠦᠩ ᠹᠧᠩ ᠪᠠᠯᠭᠠᠰᠤᠨ ᠤ ᠬᠢᠨ ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠶᠤᠰᠤ | ᠰᠤᠷᠳᠠᠬᠤᠨ ᠤ ᠵᠢᠱᠢᠶᠡᠴᠢ ᠨᠠᠷ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠦᠷᠨᠢᠬᠦᠯᠵᠦ᠂ ︽ᠥᠪᠥᠷ | ᠮᠣᠩᠭᠤᠯ ᠤᠨ ᠰᠠᠶᠢᠨ ᠬᠥᠮᠥᠨ︾ ᠵᠠᠩ ᠯᠢᠨ ᠷᠦ᠂ ︽ᠰᠢᠯᠢ ᠶᠢᠨ ᠭᠤᠣᠯ ᠤᠨ ᠰᠠᠶᠢᠨ ᠬᠥᠮᠥᠨ︾ ᠵᠠᠩ ᠹᠧᠩ | ᠷᠦᠢ ᠶᠢᠨ ᠭᠡᠷ ᠲᠤ ᠬᠦᠨᠵᠡᠬᠡᠶᠢᠷᠡᠨ᠂ ᠠᠵᠢᠯ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠵᠤ᠂ ᠨᠠᠮ | ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠤ ᠬᠠᠮᠳᠤ᠂ ᠲᠡᠳᠡᠨ ᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠪᠠᠨ | ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠨᠡᠶᠢᠳᠡ ᠳᠤ ᠵᠦᠪ ᠡᠨᠧᠷᠬᠢ ᠢᠳᠡᠪᠬᠢ ᠬᠦᠴᠦᠨ ᠢ ᠳᠠᠮᠵᠢᠭᠤᠯᠬᠤ ᠶᠢ ᠨᠢ | ᠵᠣᠷᠢᠭᠵᠢᠭᠤᠯᠪᠠ᠃ ᠲᠤᠬᠤᠨᠢᠭᠤᠯᠬᠤ ᠶᠠᠪᠤᠴᠠ ᠳᠤ᠂ ᠤᠳᠤᠷᠢᠳᠤᠯᠭ᠎ᠠ ᠨᠠᠷ ᠠᠴᠠ ᠵᠢᠱᠢᠶᠡᠴᠢ ᠰᠠᠶᠢᠴᠤᠤᠯ ᠤᠨ | ᠠᠮᠢᠳᠤᠷᠠᠯ ᠤᠨ ᠪᠠᠶᠢᠳᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠨᠢ ᠨᠠᠷᠢᠨ ᠣᠶᠢᠯᠠᠭᠠᠵᠤ᠂ ᠲᠡᠳᠡᠨ ᠳᠤ ᠭᠤᠯᠢᠷ | ᠪᠤᠳᠠᠭ᠎ᠠ᠂ ᠬᠤᠨᠢᠨ ᠮᠢᠬ᠎ᠠ ᠪᠠ ᠲᠤᠬᠤᠨᠢᠭᠤᠯᠭ᠎ᠠ ᠶᠢᠨ ᠮᠥᠩᠭᠦ ᠵᠡᠷᠭᠡ ᠶᠢ ᠭᠠᠷᠳᠠᠭᠤᠯᠵᠠᠢ᠃ |