ᠲᠠᠶᠢᠹᠤᠰᠧ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠴᠢᠩᠭᠠᠳᠬᠠᠨ᠎ᠠ
ᠨᠡᠶᠢᠲᠡᠯᠡᠭᠰᠡᠨ ᠴᠠᠭ᠄
2024/3/1
     2024 ᠤᠨ ᠳᠤ᠂ ᠲᠠᠶᠢᠹᠤᠰᠧ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ︽ᠲᠡᠷᠢᠭᠦᠨ ᠴᠢᠬᠤᠯᠠ ᠢᠨᠵᠧᠨᠧᠷᠢᠩ︾ ᠪᠣᠯᠭᠠᠵᠤ᠂ ᠠᠶᠢᠮᠠᠭ ᠤᠨ ᠲᠤᠭᠳᠠᠭᠠᠭᠰᠠᠨ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠪᠣᠯᠣᠨ ᠲᠤᠰ ᠬᠤᠰᠢᠭᠤᠨ ᠤ ᠪᠠᠨ ᠪᠤᠬᠢᠷᠳᠤᠯ ᠦᠬᠡᠢ ᠴᠠᠬᠢᠯᠭᠠᠨ ᠤ ᠳᠠᠪᠠᠭᠤᠯᠢᠭ᠂  ᠤᠷᠤᠨ ᠪᠠᠶᠢᠴᠠ ᠶᠢᠨ ᠳᠠᠪᠠᠭᠤᠯᠢᠭ ᠪᠣᠯᠣᠨ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ  ᠲᠠᠢ ᠣᠷᠣᠨ ᠪᠦᠰᠡ ᠶᠢ ᠢᠯᠡᠬᠦᠦ ᠠᠩᠬᠠᠷᠤᠨ ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠴᠠᠬᠢᠯᠭᠠᠨ ᠬᠦᠴᠦᠨ ᠤ ᠲᠣᠨᠤᠭ ᠲᠥᠬᠦᠭᠡᠷᠦᠮᠵᠢ ᠦᠢᠯᠡᠳᠬᠦ᠂  ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ ᠨᠡᠬᠦᠷᠡᠰᠦᠨ ᠤ ᠮᠠᠲ᠋ᠧᠷᠢᠶᠠᠯ ᠤᠨ ᠬᠡᠯᠬᠢᠶᠡᠳᠦ ᠠᠵᠤ ᠦᠢᠯᠡᠰ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ  ᠪᠠ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠢᠴᠢ ᠪᠤᠰᠤᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ ᠲᠥᠯᠥᠪᠯᠡᠭᠡ ᠪᠠᠨ ᠨᠠᠷᠢᠯᠢᠭᠵᠢᠭᠤᠯᠵᠤ᠂ ᠠᠷᠠᠯᠵᠢᠶᠠᠴᠢᠨ ᠤᠷᠢᠬᠤ ᠠᠵᠢᠯ ᠤᠨ ᠲᠤᠰᠬᠠᠢ ᠠᠷᠭ᠎ᠠ ᠲᠦᠰᠦᠪ ᠢ  ᠲᠤᠭᠳᠠᠭᠠᠨ᠂ ᠰᠠᠯᠪᠤᠷᠢ ᠠᠩᠭᠢ  ᠪᠠᠷ ᠠᠷᠠᠯᠵᠢᠶᠠᠴᠢᠨ ᠤᠷᠢᠬᠤ᠂ ᠭᠠᠵᠠᠷ ᠨᠤᠳᠤᠭ ᠢᠶᠠᠷ ᠠᠷᠠᠯᠵᠢᠶᠠᠴᠢᠨ ᠤᠷᠢᠬᠤ᠂  ᠬᠤᠷᠠᠯ ᠴᠤᠭᠯᠠᠭᠠᠨ ᠢᠶᠠᠷ ᠠᠷᠠᠯᠵᠢᠶᠠᠴᠢᠨ ᠤᠷᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠳᠤᠭᠠᠷ ᠬᠤᠭᠤᠴᠠᠭᠠᠨ ᠤ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠡᠷᠢᠭᠦᠨ ᠤ ᠨᠡᠬᠦᠷᠡᠰᠦᠨ ᠤ ᠮᠠᠲ᠋ᠧᠷᠢᠶᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠬᠦ   ᠪᠠᠷ ᠲᠤᠭᠳᠠᠵᠠᠢ᠃  ᠤᠳᠤ ᠪᠠᠶᠢᠭ᠎ᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠪᠠᠷ ᠲᠠᠮᠵᠢᠨ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢᠶᠠᠷ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠠᠳᠠᠨ᠂  ᠥᠪᠥᠷ ᠮᠣᠩᠭᠤᠯ ᠤᠨ ᠰᠢᠨ ᠲᠠᠢ ᠠᠵᠤ ᠦᠢᠯᠡᠰ ᠤᠨ ᠪᠦᠯᠦᠭᠯᠡᠯ᠂ ᠨᠢᠩᠰᠢᠶᠠ ᠶᠢᠨ ᠶᠢᠨ ᠶᠤᠸᠠᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠳᠤ ᠬᠠᠨᠳᠤᠭᠤᠯᠵᠤ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠤᠷᠢᠨ ᠤᠷᠤᠭᠤᠯᠵᠤ  ᠂ ᠪᠥᠬᠦ ᠵᠢᠯ ᠳᠤ 16   ᠠᠴᠠ ᠳᠡᠭᠡᠭᠰᠢ ᠲᠥᠷᠥᠯ ᠵᠦᠢᠯ ᠤᠨ ᠭᠡᠷ᠎ᠡ ᠳᠤ ᠭᠠᠷ ᠤᠨ ᠥᠰᠥᠭ ᠵᠢᠷᠤᠵᠤ  ᠂ 10 ᠳ᠋ᠦᠩᠰᠢᠭᠤᠷ ᠲᠥᠭᠦᠷᠢᠭ ᠢᠯᠡᠬᠦᠦ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ ᠲᠦᠰᠦᠪᠯᠡᠪᠡ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号