ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2024/3/1
     2 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ  ᠬᠢᠨ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂ ᠡᠯ᠎ᠡ ᠱᠠᠲᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠦᠢᠯᠡᠳᠦᠯ ᠴᠢᠳᠠᠮᠵᠢ ᠪᠠᠨ ᠪᠠᠳᠠᠷᠠᠭᠤᠯᠵᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ᠂ ᠪᠤᠤᠴᠠᠩ ᠪᠠᠯᠭᠠᠰᠤ᠂  ᠲᠠᠢ ᠫᠢᠩ ᠨᠡᠶᠢᠭᠡᠮ ᠲᠣᠭᠤᠷᠢᠭ᠂ ᠶᠦᠩ ᠹᠧᠩ ᠪᠠᠯᠭᠠᠰᠤᠨ ᠤ ᠰᠠᠨ ᠶᠦᠩ ᠲᠣᠰᠬᠤᠨ᠂ ᠰᠢᠩ ᠹᠦ᠋ ᠰᠢᠶᠠᠩ ᠤᠨ ᠶᠦᠩ ᠸᠠᠩ ᠲᠣᠰᠬᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠮᠡᠳᠡᠬᠦᠯᠦᠯᠳᠡ ᠲᠠᠨᠢᠯᠴᠠᠭᠤᠯᠭ᠎ᠠ ᠶᠢ ᠰᠤᠨᠤᠰᠬᠤ ᠭᠡᠯᠪᠡᠷᠢ ᠪᠠᠷ ᠠᠵᠢᠯ ᠶᠠᠪᠤᠳᠠᠯ ᠭᠦᠢᠴᠡᠳᠬᠡᠭᠰᠡᠨ ᠬᠡᠮᠵᠢᠶ᠎ᠡ᠂ ᠭᠥᠯᠢᠶᠡᠨ ᠠᠪᠤᠭᠰᠠᠨ ᠬᠦᠮᠦᠨ ᠲᠤᠭ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂  ᠴᠤᠩᠬᠤᠪᠴᠢ ᠶᠢᠨ ᠪᠠᠶᠢᠷᠢᠯᠠᠭᠤᠯᠤᠯᠲᠠ  ᠂ ᠬᠠᠪᠰᠤᠷᠤᠨ ᠭᠦᠢᠴᠡᠳᠬᠡᠬᠦ  ᠪᠠ ᠤᠷᠤᠯᠠᠨ ᠬᠦᠢᠴᠡᠳᠭᠡᠬᠦ᠂ ᠠᠰᠠᠭᠤᠨ ᠯᠠᠪᠯᠠᠵᠤ  ᠵᠠᠭᠠᠯᠳᠤᠵᠤ ᠲᠤᠰᠬᠠᠬᠤ ᠵᠡᠷᠭᠡ ᠡᠯ᠎ᠡ ᠭᠤᠭᠴᠤᠭᠠᠨ ᠤ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠠᠮᠢᠶ᠎ᠠ ᠪᠦᠬᠦᠢ ᠺᠠᠳ᠋ᠷ ᠠᠵᠢᠯᠲᠠᠨ ᠪᠠ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠲᠠᠢ ᠶᠠᠷᠢᠯᠴᠠᠵᠤ᠂  ᠲᠤᠰᠬᠠᠢ ᠰᠡᠳᠦᠪᠲᠦ ᠠᠵᠢᠯ ᠤᠨ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠰ ᠬᠤᠰᠢᠭᠤᠨ ᠤ ᠡᠯ᠎ᠡ ᠱᠠᠲᠤᠨ ᠤ ᠨᠠᠮ ᠪᠠ   ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠨᠤᠳᠠᠯᠠᠭᠰᠠᠨ ᠪᠦᠭᠡᠳ ᠬᠠᠪᠰᠤᠷᠤᠨ ᠬᠦᠢᠴᠡᠳᠭᠡᠬᠦ ᠣᠷᠣᠯᠠᠨ ᠭᠦᠢᠴᠡᠳᠬᠡᠬᠦ ᠠᠵᠢᠯ ᠢ ᠤᠯᠠᠮ ᠲᠦᠷᠢᠮᠵᠢᠬᠦᠯᠬᠦ᠂ ᠴᠤᠩᠬᠤᠪᠴᠢ ᠶᠢ ᠨᠡᠩ ᠵᠦᠢ ᠵᠣᠬᠢᠰᠲᠠᠢ ᠪᠠᠶᠢᠷᠢᠯᠠᠭᠤᠯᠬᠤ᠂  ᠲᠣᠥᠷᠵᠢᠭᠤᠯᠤᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠲᠤᠷᠠᠳᠴᠤ᠂  ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠭᠤᠣᠯ ᠰᠠᠭᠤᠷᠢᠨ ᠭᠠᠵᠠᠷ ᠤᠨ ᠦᠢᠯᠡᠳᠦᠯ ᠢ ᠤᠯᠠᠮ ᠰᠠᠶᠢᠨ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠨ᠂ ᠦᠨᠳᠦᠰᠦᠨ ᠱᠠᠲᠤᠨ ᠤ ᠵᠠᠰᠠᠯᠲᠠ ᠶᠢ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号