︽ᠬᠡᠦᠬᠡᠳ ᠪᠠᠭᠠᠴᠤᠳ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ  ᠲᠠᠶᠢᠯᠤᠮᠵᠢ
ᠨᠡᠶᠢᠲᠡᠯᠡᠭᠰᠡᠨ ᠴᠠᠭ᠄
2024/3/1
    ᠨᠢᠭᠡ᠂ ᠨᠣᠣᠷᠠᠭᠯᠠᠭᠰᠠᠨ ᠠᠬᠤᠢ ᠪᠠᠶᠢᠳᠠᠯ     ᠬᠡᠦᠬᠡᠳ ᠪᠠᠭᠠᠴᠤᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ  ᠂  ᠤᠯᠤᠰ ᠦᠨᠳᠦᠰᠦᠲᠡᠨ ᠤ ᠢᠷᠡᠭᠡᠳᠦᠢ ᠮᠥᠨ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠬᠢᠨᠢ ᠴᠢᠬᠤᠯᠠ ᠪᠠᠲᠤᠯᠠᠭ᠎ᠠ ᠪᠤᠯᠤᠨ᠎ᠠ᠃ ᠮᠠᠨ ᠤ ᠤᠯᠤᠰ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠭᠡᠷᠡᠭᠵᠢᠬᠦᠯᠦᠭᠰᠡᠨ ᠠᠴᠠ ᠨᠠᠰᠢ᠂  ᠬᠡᠦᠭᠡᠳ ᠪᠠᠭᠠᠴᠤᠳ ᠤᠨ ᠳᠠᠭᠠᠳᠬᠠᠯ ᠳᠤ ᠣᠷᠣᠯᠴᠠᠭᠰᠠᠨ ᠬᠦᠮᠦᠨ ᠲᠤᠭ᠎ᠠ ᠲᠣᠭᠲᠠᠭᠤᠨ ᠤ ᠵᠡᠷᠭᠡ ᠳᠤ ᠨᠡᠮᠡᠭᠳᠡᠵᠦ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠲᠤ ᠬᠦᠷᠴᠡᠢ᠃  ᠳᠠᠭᠠᠳᠬᠠᠯ ᠳᠤ ᠣᠷᠣᠯᠴᠠᠭᠰᠠᠨ ᠬᠥᠮᠥᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠨ ᠡᠷᠡᠭᠦᠯ ᠮᠡᠨᠳᠦ   ᠶᠢᠨ ᠡᠷᠬᠡ ᠠᠰᠢᠭ   ᠢ ᠪᠠᠲᠤᠯᠠᠬᠤ ᠳᠤ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃  ᠭᠡᠪᠡᠴᠦ  ᠨᠢᠯᠬ᠎ᠠ  ᠬᠡᠦᠬᠡᠳ ᠤᠨ ᠳᠠᠭᠠᠳᠬᠠᠯ ᠳᠤ ᠣᠷᠣᠬᠤ ᠭᠠᠷ ᠭᠦᠢᠴᠡᠳᠬᠡᠯ ᠨᠢ ᠣᠯᠠᠨ᠂ ᠶᠠᠪᠤᠴᠠ ᠨᠢ ᠣᠷᠳᠣ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠬᠤ ᠤᠬᠠᠮᠰᠠᠷ  ᠨᠢ ᠴᠢᠩᠭ᠎ᠠ ᠪᠤᠰᠤ᠂ ᠣᠨᠴᠠ ᠵᠠᠷᠢᠮ ᠬᠤᠲᠠ ᠶᠢᠨ ᠬᠢᠨ ᠪᠠᠶᠢᠩᠭᠤ ᠰᠠᠭᠤᠭ᠎ᠠ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠰᠠᠯᠠᠭ᠎ᠠ ᠮᠥᠴᠢᠷ ᠤᠨ ᠬᠠᠮᠳᠤᠷᠠᠯ ᠤᠨ ᠬᠦᠴᠦᠨ ᠢ ᠪᠣᠶ  ᠪᠤᠯᠭᠠᠨ᠂ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠬᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠭ᠎ᠠ᠃ ᠬᠡᠦᠬᠡᠳ ᠪᠠᠭᠠᠴᠤᠳ ᠤᠨ ᠡᠮᠨᠡᠯᠭᠡ ᠶᠢᠨ ᠪᠠᠳᠤᠯᠠᠭᠠᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠪᠠᠭᠠᠴᠤᠳ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠰᠤᠳᠤᠯᠤᠨ ᠲᠤᠭᠤᠷᠪᠢᠵᠠᠢ᠃     ᠬᠤᠶᠠᠷ᠂ ᠶᠡᠷᠦᠩᠬᠡᠢ ᠰᠡᠳᠬᠢᠴᠡ ᠪᠠ ᠭᠤᠣᠯ ᠠᠭᠤᠯᠭ᠎ᠠ   ︽ᠮᠡᠳᠡᠭᠳᠡᠯ︾ ᠨᠢ ᠳᠣᠣᠷᠠᠬᠢ ᠰᠡᠳᠬᠢᠴᠡ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠭᠰᠠᠨ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠪᠥᠬᠦ ᠠᠷᠠᠳ ᠤᠨ ᠡᠮ ᠡᠮᠨᠡᠯᠭᠡ ᠶᠢᠨ ᠪᠠᠳᠤᠯᠠᠭᠠᠨ ᠤ ᠲᠥᠯᠦᠪᠵᠢᠭᠦᠯᠭᠡ︾ ᠳᠤ ᠳᠤᠷᠠᠳᠤᠭᠰᠠᠨ ᠵᠢᠯ ᠪᠦᠷᠢ 95% ᠠᠴᠠ ᠲᠡᠭᠡᠭᠰᠢ ᠳᠠᠭᠠᠳᠬᠠᠯ ᠳᠤ ᠣᠷᠣᠯᠴᠠᠬᠤ ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80 % ᠠᠴᠠ ᠳᠡᠭᠡᠭᠰᠢᠬᠢ ᠨᠢᠯᠬ᠎ᠠ ᠬᠡᠦᠬᠡᠳ ᠢ ᠲᠥᠷᠥᠭᠰᠡᠨ ᠵᠢᠯ ᠳᠤᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠴᠦᠰ ᠪᠣᠯᠬᠤ ᠳᠤ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠬᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃ ᠬᠤᠶᠠᠷ ᠲᠤ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠭᠰᠠᠨ᠃ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ ᠲᠣᠭᠲᠠᠭᠤᠨ ᠪᠠᠶᠢᠯᠭᠠᠭᠰᠠᠨ ᠤᠷᠢᠲᠠᠯ ᠳᠣᠣᠷ᠎ᠠ᠂  ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ  ᠶᠠᠪᠤᠴᠠ ᠶᠢ ᠭᠤᠣᠯᠳᠠᠯᠭ᠎ᠠ ᠲᠠᠢ ᠰᠢᠯᠢᠳᠡᠭᠵᠢᠭᠦᠯᠵᠦ᠂  ᠬᠦᠢᠴᠡᠳᠭᠡᠯ ᠢ ᠳᠥᠭᠦᠮᠴᠢᠯᠡᠨ᠂ ᠦᠢᠯᠡᠴᠢᠯᠡᠭᠡ ᠶᠢ ᠰᠠᠶᠢᠵᠢᠷᠠᠭᠤᠯᠬᠤ ᠲᠠᠯᠠᠪᠠᠷ  ᠬᠠᠨᠳᠤᠯᠭᠠᠳᠤ ᠴᠢᠨᠠᠷᠲᠠᠢ ᠠᠵᠢᠯ ᠤᠨ ᠱᠠᠭᠠᠷᠳᠠᠯᠭ᠎ᠠ ᠲᠤᠷᠠᠳᠪᠠ᠃ ᠭᠤᠷᠪᠠ ᠳᠤ  ᠰᠢᠨ᠎ᠡ ᠶᠢ ᠡᠭᠦᠳᠬᠦ ᠶᠢ ᠪᠠᠷᠢᠮᠳᠠᠯᠠᠭᠰᠠᠨ᠃ ︽ᠮᠡᠳᠡᠭᠳᠡᠯ︾ ᠳᠤ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ︾ ᠢ ᠤᠯᠠᠮ ᠪᠠᠬᠢᠵᠢᠭᠦᠯᠦᠨ ᠲᠡᠬᠦᠯᠳᠡᠷᠵᠢᠬᠦᠯᠦᠭᠰᠡᠨ ᠤ ᠬᠠᠮᠲᠤ᠂ ᠣᠷᠣᠨ ᠨᠤᠲᠤᠭ ᠤᠨ ᠬᠢᠨ ᠤ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠬᠦ ᠶᠢ ᠵᠤᠷᠢᠬᠵᠢᠭᠤᠯᠪᠠ  ᠃      ︽ᠮᠡᠳᠡᠭᠳᠡᠯ︾ ᠳᠤ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠡᠷᠴᠢᠮ ᠢ ᠴᠢᠩᠭᠠᠷᠠᠭᠤᠯᠬᠤ᠂ ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠨᠡᠯᠬᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠬᠢᠨᠠᠨ ᠵᠢᠯᠤᠭᠤᠳᠴᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭᠠᠨ ᠤ ᠪᠠᠶᠢᠷᠢᠯᠠᠭᠤᠯᠤᠯᠲᠠ ᠬᠢᠵᠡᠢ᠃     ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ     ᠤᠯᠤᠰ ᠤᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ᠂ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠪᠠᠭᠠᠴᠤᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢ ᠨᠡᠮᠡᠭᠳᠡᠬᠦᠯᠦᠨ᠂ ᠬᠡᠦᠬᠡᠳ ᠪᠠᠭᠠᠴᠤᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠪᠠᠭᠠᠴᠤᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号