ᠰᠢᠩ ᠹᠦ᠋ ᠰᠢᠶᠠᠩ ᠦᠨᠳᠦᠰᠦᠲᠡᠨ ᠱᠠᠰᠢᠨ ᠰᠤᠷᠲᠠᠬᠤᠨ ᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
    2 ᠰᠠᠷ᠎ᠠ ᠶᠢᠨ 28 ᠤ ᠡᠳᠦᠷ᠂ ᠰᠢᠩ ᠹᠦ᠋ ᠰᠢᠶᠠᠩ 2024 ᠣᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂  ᠰᠢᠶᠠᠩ ᠤᠨ ᠤᠳᠤᠷᠢᠳᠬᠤ ᠪᠠᠭ ᠤᠨ  ᠭᠡᠰᠢᠬᠦᠳ᠂  ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ᠂ ᠺᠠᠳ᠋ᠷ ᠠᠵᠢᠯᠲᠠᠨ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠪᠥᠬᠦ ᠰᠢᠶᠠᠩ ᠤᠨ 2023 ᠣᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠳᠤ ᠳ᠋ᠦᠩᠨᠡᠯᠲᠡ ᠬᠢᠭᠰᠡᠨ ᠪᠥᠭᠡᠳ 2024 ᠣᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠳᠤ  ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ  ᠭᠡᠷᠡᠭᠳᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂  ᠬᠦᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠡᠳᠡᠭᠡᠳ ᠤᠨ ᠬᠠᠮᠢᠶᠠᠷᠤᠯᠲᠠ ᠶᠢ ᠴᠢᠩᠭᠠᠳᠬᠠᠵᠤ᠂  ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠲᠦᠷᠢᠮ ᠤᠨ ᠲᠠᠭᠠᠤ ᠦᠷᠨᠢᠬᠦᠯᠵᠦ᠂  ᠠᠮᠤᠷ ᠲᠦᠪᠰᠢᠨ ᠪᠦᠭᠡᠳ ᠡᠮᠬᠢ ᠵᠢᠷᠤᠮ ᠲᠠᠢ ᠦᠷᠨᠢᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号