ᠲᠣᠰᠬᠤᠨ ᠳᠠᠭᠠᠭᠠᠴᠢᠯᠠᠭᠰᠠᠨ ᠺᠠᠳ᠋ᠷ ᠤᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ | ᠠᠵᠢᠯ ᠤᠨ ᠬᠢᠷᠢ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠢ ᠤᠯᠠᠮ ᠰᠠᠶᠢᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 29 ᠤ ᠡᠳᠦᠷ | ᠪᠤᠤᠴᠠᠩ ᠪᠠᠯᠭᠠᠰᠤᠨ ᠤ ᠬᠢᠨ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠠᠭᠠᠭᠠᠴᠢᠯᠠᠭᠰᠠᠨ ᠺᠠᠳ᠋ᠷᠴᠤᠳ ᠢ | ᠵᠤᠬᠢᠶᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ ᠬᠤᠷᠠᠯ ᠢ | ᠡᠷᠬᠢᠯᠡᠵᠤ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠨ᠂ | ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠠᠭᠠᠭᠠᠴᠢᠯᠠᠭᠰᠠᠨ ᠺᠠᠳ᠋ᠷᠴᠤᠳ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠳᠠᠨ | ᠠᠴᠠ ︽ᠠᠷᠪᠠᠨ ᠲᠦᠷᠦᠯ︾ ᠤᠨ ᠭᠤᠣᠯᠳᠠᠯᠭ᠎ᠠ ᠲᠠᠢ ᠬᠥᠮᠥᠰ ᠪᠠ ᠬᠢᠨᠠᠨ ᠬᠡᠮᠵᠢᠬᠦ ᠨᠢᠭᠤᠷᠯᠠᠯ ᠤᠨ ᠣᠷᠣᠯᠭ᠎ᠠ | ᠵᠠᠷᠤᠯᠭ᠎ᠠ ᠶᠢ ᠪᠤᠳᠤᠬᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ᠂ ᠲᠦᠷᠦᠯ ᠵᠦᠢᠯ ᠢ ᠡᠷᠡᠮᠡᠯᠵᠡᠯᠡᠨ ᠮᠡᠳᠡᠭᠦᠯᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠰᠤᠷᠭᠠᠨ | ᠬᠥᠮᠦᠵᠢᠯ ᠢᠶᠠᠷ ᠬᠠᠪᠰᠤᠷᠤᠨ ᠲᠡᠳᠬᠦᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠵᠡᠷᠭᠡ ᠠᠭᠤᠯᠭ᠎ᠠ ᠶᠢᠨ | ᠲᠣᠭᠤᠷᠢᠨ ᠳᠤ ᠲᠤᠳᠤᠷᠬᠠᠢ ᠲᠠᠶᠢᠯᠪᠤᠷᠢ ᠬᠢᠭᠰᠡᠨ ᠤ ᠬᠠᠮᠲᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠤᠯᠠᠮ ᠰᠠᠶᠢᠨ ᠠᠬᠢᠭᠤᠯᠬᠤ ᠲᠤᠬᠠᠢ ᠵᠢᠯᠣᠭᠤᠳᠤᠯᠭ᠎ᠠ | ᠬᠢᠵᠦ ᠲᠤᠷᠰᠢᠯᠭ᠎ᠠ ᠪᠠᠨ ᠬᠤᠪᠢᠶᠠᠯᠴᠠᠪᠠ᠃ ᠡᠨᠡ ᠤᠳᠠᠭᠠᠨ ᠤ ᠪᠣᠯᠪᠠᠰᠤᠷᠠᠯ ᠨᠢ ᠰᠢᠨ᠎ᠡ ᠪᠠᠷ ᠰᠣᠩᠭᠤᠨ ᠲᠣᠮᠢᠯᠠᠭᠰᠠᠨ | ᠲᠣᠰᠬᠤᠨ ᠳᠠᠭᠠᠭᠠᠴᠢᠯᠠᠭᠰᠠᠨ ᠺᠠᠳ᠋ᠷᠴᠤᠳ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠤᠯᠠᠮ ᠰᠠᠶᠢᠨ ᠣᠶᠢᠯᠠᠭᠠᠭᠤᠯᠵᠦ᠂ ᠠᠵᠢᠯ ᠤᠨ ᠰᠡᠳᠬᠢᠴᠡ ᠶᠢ ᠨᠢ ᠲᠤᠳᠤᠷᠬᠠᠶᠢᠯᠠᠨ᠂ | ᠠᠵᠢᠯ ᠤᠨ ᠴᠢᠭᠯᠡᠯ ᠢ ᠨᠢ ᠵᠢᠭᠠᠭᠠᠳ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠲᠦᠷᠦᠯ ᠤᠨ ᠠᠵᠢᠯ | ᠢᠶᠠᠨ ᠤᠷᠤᠭᠰᠢᠲᠠᠢ ᠶᠠᠪᠤᠭᠳᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠠᠭᠤᠳᠠᠰᠤ ᠶᠢ ᠪᠢᠴᠢᠭᠯᠡᠬᠦ ᠳᠤ ᠰᠠᠭᠤᠷᠢ ᠶᠢ ᠲᠠᠯᠪᠢᠵᠠᠢ᠃ |