ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/3/10
    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ  ᠲᠠᠯᠪᠢᠬᠤ  ᠳᠦᠷᠢᠮ  ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2024 ᠣᠨ ᠤ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠥᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠨ ᠪᠠᠶᠢᠴᠠᠭᠠᠵᠣ ᠴᠡᠭᠴᠡᠯᠡᠨ ᠰᠠᠶᠢᠵᠢᠷᠠᠭᠤᠯᠣᠭᠰᠠᠨ ᠢ ᠨᠠᠶᠢᠳᠠᠪᠣᠷᠢᠵᠢᠭᠤᠯᠣᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠨ᠎ᠠ᠃ ᠭᠤᠣᠯᠳᠠᠭᠤ ᠲᠠᠶᠢᠹᠣᠰᠧ ᠬᠤᠰᠢᠭᠤᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠭᠤ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠶᠢ ᠵᠥᠷᠢᠴᠡᠭᠰᠡᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0479-6770011᠂ ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 8:00-18:00︔ ᠰᠢᠤᠳᠠᠨ ᠤ ᠵᠠᠬᠢᠳᠠᠯ ᠤᠨ ᠬᠠᠶᠢᠷᠴᠠᠭ᠄ ᠰᠢᠯᠢ ᠶᠢᠨ ᠭᠤᠣᠯ ᠠᠶᠢᠮᠠᠭ ᠤᠨ ᠲᠠᠶᠢᠹᠣᠰᠧ ᠬᠤᠰᠢᠭᠤᠨ ᠤ 0031 ᠳ᠋ᠥ᠋ᠭᠡᠷ ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ xunshi0703 @163.com ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠲᠠᠶᠢᠹᠣᠰᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷ ᠳᠤ᠃ ᠡᠭᠦᠨ ᠤ ᠬᠠᠮᠲᠤ᠂ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠤᠨ᠎ᠠ᠄ 1. ᠲᠠᠶᠢᠹᠤᠰᠧ ᠬᠤᠰᠢᠭᠤᠨ ᠤ ᠪᠧᠢ ᠳ᠋ᠸᠤ ᠰᠢᠨ ᠬᠤᠸᠠᠩ ᠴᠣᠣ ᠠᠮᠠᠷᠠᠯᠲᠠ ᠶᠢᠨ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠭᠤᠣᠯ ᠡᠭᠦᠳᠡᠨ ᠤ ᠪᠠᠷᠠᠭᠤᠨ ᠲᠠᠯ᠎ᠠ ᠳᠤ︔ 2. ᠲᠠᠶᠢᠹᠣᠰᠧ ᠬᠤᠰᠢᠭᠤᠨ ᠤ ᠰᠣᠶᠣᠯ ᠤᠨ ᠲᠠᠯᠠᠪᠠᠶ ᠶᠢᠨ ᠰᠣᠶᠣᠯ ᠤᠨ ᠲᠣᠮᠣ ᠠᠰᠠᠷ ᠤᠨ ᠮᠡᠳᠡᠭᠦᠯᠦᠯᠲᠡ ᠶᠢᠨ ᠲᠢᠩᠬᠢᠮ ᠤᠨ ᠣᠷᠣᠬᠤ ᠡᠭᠦᠳᠡ︔ 3. ᠲᠠᠶᠢᠹᠣᠰᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠳᠤ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 20 ᠤ ᠡᠳᠦᠷ ᠬᠥᠷᠲᠡᠯ᠎ᠡ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠠᠶᠢᠳᠠᠯ ᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃                            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ                             ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                              2024 ᠣᠨ ᠤ 3 ᠰᠠᠷ᠎ᠠ ᠶᠢᠨ 7 ᠤ ᠡᠳᠥᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号