ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠬᠥᠮᠥᠨ ᠰᠣᠩᠭᠤᠬᠤ ᠬᠥᠮᠥᠨ ᠬᠡᠷᠡᠭᠯᠡᠬᠦ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠨᠢ 2024 | ᠣᠨ ᠤ 3 ᠰᠠᠷ᠎ᠠ ᠶᠢᠨ 7 ᠤ ᠡᠳᠦᠷ ᠠᠴᠠ ᠡᠬᠢᠯᠡᠨ᠂ ᠲᠠᠶᠢᠹᠤᠰᠧ ᠬᠤᠰᠢᠭᠤᠨ ᠳᠤ ᠬᠥᠮᠥᠨ ᠰᠣᠩᠭᠤᠬᠤ ᠬᠥᠮᠥᠨ | ᠬᠡᠷᠡᠭᠯᠡᠬᠦ ᠲᠤᠰᠬᠠᠢ ᠪᠠᠶᠢᠴᠠᠭᠠᠯᠲᠠ ᠥᠷᠨᠢᠭᠦᠯᠥᠨ᠎ᠡ᠃ ᠪᠠᠶᠢᠴᠠᠭᠠᠬᠤ ᠭᠤᠣᠯ ᠠᠭᠤᠯᠭ᠎ᠠ ᠨᠢ᠄ ᠨᠢᠭᠡ ᠳᠤ᠂ | ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ ᠬᠤᠶᠠᠷ ᠲᠤ | ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠭᠰᠠᠨ ᠪᠠᠶᠢᠳᠠᠯ︔ ᠭᠤᠷᠪᠠ ᠳᠤ ᠬᠥᠮᠥᠨ ᠬᠡᠷᠡᠭᠯᠡᠬᠦ ᠵᠥᠪ | ᠤᠳᠤᠷᠢᠳᠤᠮᠵᠢ ᠶᠢᠨ ᠪᠠᠶᠢᠳᠠᠯ ᠢ ᠪᠤᠢ ᠪᠣᠯᠭᠠᠭᠰᠠᠨ ᠪᠠᠶᠢᠳᠠᠯ︔ ᠳᠥᠷᠪᠡ ᠳᠤ᠂ ᠬᠥᠮᠥᠨ ᠰᠣᠩᠭᠤᠵᠤ ᠬᠥᠮᠥᠨ | ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠠᠳᠬᠤᠭᠰᠠᠨ ᠪᠠᠶᠢᠳᠠᠯ︔ ᠲᠠᠪᠤ ᠳᠤ ᠬᠥᠮᠥᠨ ᠰᠣᠩᠭᠤᠵᠤ ᠬᠥᠮᠥᠨ ᠬᠡᠷᠡᠭᠯᠡᠬᠦ | ᠲᠥᠷᠥ ᠶᠢᠨ ᠪᠣᠳᠣᠯᠭ᠎ᠠ ᠳᠦᠷᠢᠮ ᠢ ᠬᠡᠷᠡᠭᠵᠢᠭᠦᠯᠦᠭᠰᠡᠨ ᠪᠠᠶᠢᠳᠠᠯ︔ ᠵᠢᠷᠭᠤᠭ᠎ᠠ ᠳᠤ ᠠᠯᠪᠠᠲᠠᠨ ᠤ ᠬᠠᠤᠯᠢ ᠵᠢᠴᠢ | ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ︔ ᠲᠤᠯᠤᠭ᠎ᠠ ᠳᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠠᠬᠢᠭᠤᠯᠣᠭᠰᠠᠨ ᠪᠠ ᠺᠠᠳ᠋ᠷ ᠤᠨ ᠳᠡᠭᠡᠭᠰᠢ ᠳᠠᠪᠰᠢᠬᠤ ᠪᠠ ᠳᠣᠷᠣᠭᠰᠢ ᠪᠠᠭᠤᠬᠤ ᠴᠢᠳᠠᠪᠣᠷᠢ ᠢ ᠠᠬᠢᠭᠤᠯᠣᠭᠰᠠᠨ | ᠪᠠᠶᠢᠳᠠᠯ︔ ᠨᠠᠢᠮᠠ ᠳᠤ᠂ ᠺᠠᠳ᠋ᠷ ᠠᠵᠢᠯᠲᠠᠨ ᠤ ᠶᠠᠪᠤᠳᠠᠯ ᠤᠨ ᠠᠵᠢᠯ ᠤᠨ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠲᠡᠰ ᠳᠠᠷᠠᠭᠠᠯᠠᠯ ᠢ ᠬᠦᠴᠦᠨ ᠦᠭᠡᠢ ᠪᠣᠯᠭᠠᠭᠰᠠᠨ ᠪᠠ ᠡᠷᠬᠡ ᠶᠢ | ᠳᠣᠷᠣᠭᠰᠢ ᠪᠠᠭᠤᠯᠭᠠᠭᠰᠠᠨ ᠡᠷᠬᠡ ᠲᠤᠰᠢᠶᠠᠯ ᠤᠨ ᠵᠦᠢᠯᠡᠰ ᠢ ᠭᠦᠢᠴᠡᠳᠬᠡᠭᠰᠡᠨ ᠪᠠᠶᠢᠳᠠᠯ︔ ᠶᠢᠰᠦ ᠳᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ ᠠᠷᠪᠠ ᠳᠤ᠂ ᠠᠵᠢᠯᠲᠠᠨ ᠤ | ᠶᠠᠪᠤᠳᠠᠯ ᠤᠨ ᠰᠠᠬᠢᠯᠭ᠎ᠠ ᠪᠠᠲᠤ ᠶᠢ ᠰᠠᠬᠢᠭᠰᠠᠨ ᠵᠣᠬᠢᠶᠠᠨ ᠪᠠᠶᠢᠭᠤᠯᠣᠭᠰᠠᠨ ᠪᠠ ᠬᠥᠮᠥᠨ ᠰᠣᠩᠭᠤᠬᠤ ᠬᠥᠮᠥᠨ | ᠬᠡᠷᠡᠭᠯᠡᠬᠦ ᠬᠡᠪ ᠰᠤᠷᠲᠠᠯ ᠢ ᠵᠠᠰᠠᠨ ᠵᠠᠯᠠᠷᠠᠭᠤᠯᠤᠭᠰᠠᠨ ᠪᠠᠶᠢᠳᠠᠯ︔ ᠠᠷᠪᠠᠨ ᠨᠢᠭᠡ ᠳᠤ ᠺᠠᠳ᠋ᠷ ᠤᠨ ᠡᠳᠦᠷ ᠲᠤᠲᠤᠮ ᠤᠨ | ᠬᠠᠮᠢᠶᠠᠷᠤᠯᠲᠠ ᠬᠢᠨᠠᠯᠲᠠ ᠶᠢᠨ ᠪᠠᠶᠢᠳᠠᠯ︔ ᠠᠷᠪᠠᠨ ᠬᠤᠶᠠᠷ ᠲᠤ᠂ ᠲᠥᠪ ᠤᠨ ᠲᠣᠭᠤᠷᠢᠨ ᠪᠠᠶᠢᠴᠠᠭᠠᠯᠲᠠ ᠳᠤ | ᠥᠪᠡᠷᠲᠡᠭᠡᠨ ᠵᠠᠰᠠᠬᠤ ᠣᠷᠣᠨ ᠤ ᠬᠥᠮᠥᠨ ᠰᠣᠩᠭᠤᠵᠤ ᠬᠥᠮᠥᠨ ᠬᠡᠷᠡᠭᠯᠡᠬᠦ ᠬᠠᠮᠢᠶ᠎ᠠ ᠪᠦᠬᠦᠢ ᠠᠰᠠᠭᠤᠳᠠᠯ ᠤᠨ | ᠬᠤᠯᠪᠤᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠲᠣᠰᠬᠠᠭᠰᠠᠨ ᠪᠠᠶᠢᠳᠠᠯ︔ | ᠠᠷᠪᠠᠨ ᠭᠤᠷᠪᠠ ᠳᠤ ᠳᠡᠭᠡᠷ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠵᠤ ᠬᠥᠮᠥᠨ ᠰᠣᠩᠭᠤᠵᠤ ᠬᠥᠮᠥᠨ ᠬᠡᠷᠡᠭᠯᠡᠬᠦ ᠲᠤᠰᠬᠠᠢ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠪᠠᠨ ᠳᠥᠷᠪᠡ ᠳᠤ ᠪᠠᠶᠢᠴᠠᠭᠠᠬᠤ | ᠴᠢᠬᠤᠯᠠᠲᠠᠢ ᠪᠤᠰᠤᠳ ᠪᠠᠶᠢᠳᠠᠯ᠃ | ᠡᠳᠦᠭᠡ ᠪᠠᠶᠢᠴᠠᠭᠠᠬᠤ ᠳᠤᠭᠤᠶᠢᠯᠠᠩ ᠤᠨ ᠬᠠᠷᠢᠯᠴᠠᠬᠤ ᠠᠷᠭ᠎ᠠ ᠬᠡᠯᠪᠡᠷᠢ ᠶᠢ ᠵᠠᠷᠯᠠᠨ ᠨᠡᠶᠢᠲᠡᠯᠡᠶ᠎ᠡ᠂ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠥᠮᠥᠨ ᠢ ᠰᠣᠩᠭᠤᠨ ᠬᠡᠷᠡᠭᠯᠡᠬᠦ ᠠᠰᠠᠭᠤᠳᠠᠯ ᠢ | ᠴᠠᠭ ᠲᠤᠬᠠᠢ ᠳᠤᠨᠢ ᠪᠢᠳᠡᠨ ᠳᠤ ᠬᠠᠷᠢᠭᠤ ᠲᠤᠰᠬᠠᠬᠤ ᠪᠣᠯᠪᠠᠤ᠃ | ᠤᠲᠠᠰᠤ᠄ 0479 — 6770011︔ ᠰᠢᠤᠳᠠᠨ ᠤ ᠵᠠᠬᠢᠳᠠᠯ ᠤᠨ ᠬᠠᠶᠢᠷᠴᠠᠭ᠄ ᠰᠢᠯᠢ ᠶᠢᠨ ᠭᠤᠣᠯ | ᠠᠶᠢᠮᠠᠭ ᠤᠨ ᠲᠠᠶᠢᠹᠣᠰᠧ ᠬᠤᠰᠢᠭᠤᠨ ᠤ 0031 ᠳ᠋ᠥ᠋ᠭᠡᠷ ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ | xunshi0703 @163.com ᠬᠠᠷᠢᠯᠴᠠᠬᠤ ᠵᠠᠬᠢᠳᠠᠯ ᠤᠨ ᠬᠠᠶᠢᠷᠴᠠᠭ᠄ 1. ᠲᠠᠶᠢᠹᠤᠰᠧ ᠬᠤᠰᠢᠭᠤᠨ ᠤ | ᠪᠧᠢ ᠳ᠋ᠸᠤ ᠰᠢᠨ ᠬᠤᠸᠠᠩ ᠴᠣᠣ ᠠᠮᠠᠷᠠᠯᠲᠠ ᠶᠢᠨ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠭᠤᠣᠯ ᠡᠭᠦᠳᠡᠨ ᠤ | ᠪᠠᠷᠠᠭᠤᠨ ᠲᠠᠯ᠎ᠠ ᠳᠤ︔ 2. ᠲᠠᠶᠢᠹᠣᠰᠧ ᠬᠤᠰᠢᠭᠤᠨ ᠤ ᠰᠣᠶᠣᠯ ᠤᠨ ᠲᠠᠯᠠᠪᠠᠶ ᠶᠢᠨ ᠰᠣᠶᠣᠯ ᠤᠨ ᠲᠣᠮᠣ ᠠᠰᠠᠷ ᠤᠨ | ᠮᠡᠳᠡᠭᠦᠯᠦᠯᠲᠡ ᠶᠢᠨ ᠲᠢᠩᠬᠢᠮ ᠤᠨ ᠣᠷᠣᠬᠤ ᠡᠭᠦᠳᠡ︔ 3. ᠲᠠᠶᠢᠹᠣᠰᠧ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠳᠤ᠃ | ᠡᠭᠦᠨ ᠤ ᠬᠠᠮᠲᠤ᠂ ᠥᠷᠭᠡᠨ ᠣᠯᠠᠨ ᠺᠠᠳ᠋ᠷ ᠣᠯᠠᠨ ᠲᠦᠮᠡᠨ ᠠᠴᠠ ᠮᠠᠨ ᠤ ᠬᠥᠮᠥᠨ ᠰᠣᠩᠭᠤᠬᠤ ᠬᠥᠮᠥᠨ | ᠬᠡᠷᠡᠭᠯᠡᠬᠦ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠳᠤ ᠬᠢᠨᠠᠯᠲᠠ ᠲᠠᠯᠪᠢᠵᠤ᠂ ᠠᠵᠢᠯ ᠳᠠᠭᠠᠨ ᠬᠢᠨᠠᠮᠠᠭᠠᠢ ᠪᠤᠰᠤ᠂ | ᠬᠠᠷᠢᠭᠤᠴᠠᠯᠭ᠎ᠠ ᠦᠭᠡᠢ ᠵᠡᠷᠭᠡ ᠠᠰᠠᠭᠤᠳᠠᠯ ᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠴᠠᠭ ᠲᠤᠬᠠᠢ ᠳᠤᠨᠢ ᠲᠤᠰᠬᠠᠬᠤ ᠪᠣᠯᠪᠠᠣ᠃ ᠤᠲᠠᠰᠤ᠄ 0471 | — 12380᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠤᠨ ᠬᠥᠮᠥᠨ ᠰᠣᠩᠭᠤᠬᠤ ᠬᠥᠮᠥᠨ ᠬᠡᠷᠡᠭᠯᠡᠬᠦ | ᠲᠤᠰᠬᠠᠢ ᠪᠠᠶᠢᠴᠠᠭᠠᠯᠲᠠ ᠶᠢᠨ ᠳᠤᠭᠤᠶᠢᠯᠠᠩ | 2024 ᠣᠨ ᠤ 3 ᠰᠠᠷ᠎ᠠ ᠶᠢᠨ 7 ᠤ ᠡᠳᠥᠷ | | |