ᠲᠠᠶᠢᠹᠤᠰᠧ ᠬᠤᠰᠢᠭᠤᠨ ᠤ ᠬᠢᠨ ︽ᠡᠮᠡᠭᠲᠡᠶᠢᠴᠦᠳ ᠤᠨ ᠪᠠᠶᠠᠷ︾᠎ ᠢ ᠳᠤᠷᠠᠰᠬᠠᠬᠤ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/3/11
   ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠤᠷᠤᠭᠰᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ  ᠎ ᠬᠢᠨ  ︽3.8︾᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠰᠢᠷᠢᠰ ᠠᠵᠢᠯᠯᠠᠭ᠎ᠠ ᠪᠠᠨ ᠡᠬᠢᠯᠡᠭᠦᠯᠪᠡ᠃  ᠡᠬᠢᠯᠡᠯᠳᠡ ᠶᠢᠨ ᠠᠵᠢᠯᠯᠠᠭ᠎ᠠ ᠳᠤ ︽ᠨᠠᠮ ᠤᠨ ᠢᠶᠠᠨ ᠠᠴᠢ ᠎ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ  ᠲᠠᠭᠠᠵᠤ ᠤᠷᠤᠭᠰᠢᠯᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠎ ᠪᠠᠷ ᠭᠤᠣᠯ ᠰᠡᠳᠦᠪ ᠪᠣᠯᠭᠠᠭᠰᠠᠨ ᠤᠮᠠᠷᠠᠲᠤ ᠬᠢᠯᠢ ᠶᠢᠨ ᠡᠮᠡᠭᠲᠡᠶᠢᠴᠦᠳ ᠤᠨ ︽ᠠᠷᠪᠠᠨ ᠵᠠᠭᠤ ᠮᠢᠩᠭ᠎ᠠ ᠲᠦᠮᠡ︾᠎ ᠶᠢᠨ ᠶᠡᠭᠡ ᠤᠬᠠᠭᠤᠯᠭ᠎ᠠ ᠲᠠᠶᠢᠯᠤᠮᠵᠢ᠂ ︽ᠡᠷᠡᠭᠦᠯ ᠡᠩᠬᠡ ᠳᠤᠮᠳᠠᠳᠤ ᠤᠯᠤᠰ︾ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ  ᠂ ︽ᠡᠮᠡᠭᠲᠡᠢ ᠬᠠᠤᠯᠢᠴᠢ ᠶᠢᠨ ᠤᠬᠠᠭᠤᠯᠭ᠎ᠠ ᠲᠠᠶᠢᠯᠤᠮᠵᠢ︾  ᠂ ︽ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠎ ᠶᠢᠨ ᠲᠠᠶᠢᠯᠤᠮᠵᠢ ᠵᠡᠷᠭᠡ ᠶᠢ ᠪᠡᠯᠡᠳᠭᠡᠵᠡᠢ᠃  ᠤᠬᠠᠭᠤᠯᠭ᠎ᠠ ᠲᠠᠶᠢᠯᠤᠮᠵᠢ ᠳᠠᠭᠤᠰᠤᠭᠰᠠᠨ ᠤ ᠳᠠᠷᠠᠭ᠎ᠠ  ︽ ᠡᠮ ᠡᠮᠨᠡᠯᠭᠡ ᠬᠦᠷᠭᠡᠬᠦ᠂  ᠡᠷᠡᠭᠦᠯ ᠮᠡᠨᠳᠦ ᠬᠦᠷᠭᠡᠬᠦ︾ ᠠᠵᠢᠯᠯᠠᠭ᠎ᠠ ᠥᠷᠨᠢᠭᠦᠯᠵᠦ᠂  ᠠᠬᠤᠢ ᠲᠠᠯᠠᠪᠠᠢ ᠶᠢᠨ ᠡᠮᠡᠭᠲᠡᠶᠢᠴᠦᠳ ᠲᠤ ᠦᠨ᠎ᠡ ᠲᠦᠯᠦᠪᠦᠷᠢ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ ᠢ  ᠎ ᠨᠢ ᠬᠡᠮᠵᠢᠵᠦ ᠦᠭᠬᠦᠭᠰᠡᠨ ᠤ ᠬᠠᠮᠲᠤ ᠡᠮ ᠤᠨ ᠵᠦᠢᠯ ᠲᠦᠭᠡᠭᠡᠭᠰᠡᠨ ᠪᠠᠶᠢᠨ᠎ᠠ᠃     ᠪᠤᠤᠴᠠᠩ  ᠪᠠᠯᠭᠠᠰᠤᠨ  ᠤ  ᠬᠤᠩ  ᠱᠧᠩ  ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠶᠤᠸᠠᠨ ᠵᠢᠦᠢ ᠬᠤᠢ᠄ ︽ ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠭᠰᠠᠨ ᠮᠢᠨᠢ ᠮᠠᠰᠢ ᠠᠵᠠᠲᠠᠢ ᠰᠠᠨᠠᠭᠳᠠᠨ᠎ᠠ᠂ ᠪᠠᠭᠰᠢ ᠨᠠᠷ ᠤᠨ ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠭᠠᠳ ᠪᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠡᠮᠡᠭᠲᠡᠶᠢᠴᠦᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠳᠤᠯᠠᠬᠤ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠤᠬᠠᠢ ᠨᠡᠩ ᠬᠦᠨ ᠲᠠᠨᠢᠯᠲᠠ ᠲᠠᠢ ᠪᠣᠯᠪᠠ᠂ ᠰᠢᠨ᠎ᠡ ᠴᠠᠭ ᠦᠶ᠎ᠡ ᠶᠢᠨ ᠡᠮᠡᠭᠲᠡᠢ ᠪᠣᠯᠤᠭᠰᠠᠨ ᠤ ᠬᠤᠪᠢ ᠳᠤ ᠪᠢ ᠰᠣᠷᠣᠭᠰᠠᠨ ᠮᠡᠳᠡᠯᠭᠡ ᠪᠠᠨ ᠳᠡᠷᠭᠡᠳᠡᠬᠢ ᠡᠮᠡᠭᠳᠡᠶᠢᠴᠤᠳ ᠲᠡᠭᠡᠨ  ᠤᠬᠠᠭᠤᠯᠤᠨ ᠤᠯᠠᠮᠵᠢᠯᠠᠨ᠎ᠠ︾  ᠃    ᠡᠨᠡ ᠤᠳᠠᠭᠠᠨ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠭᠤᠣᠯ ᠰᠡᠳᠦᠪᠲᠦ ᠠᠵᠢᠯᠯᠠᠭ᠎ᠠ ᠶᠢ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠵᠣᠬᠢᠶᠠᠨ ᠪᠠᠶᠢᠭᠤᠯᠵᠠᠢ᠃ ᠡᠨᠡ ᠬᠤᠭᠤᠴᠠᠭᠠᠨ ᠳᠤ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠠᠵᠢᠯᠯᠠᠭ᠎ᠠ ᠦᠷᠨᠢᠬᠦᠯᠬᠦ᠂ ᠰᠦᠯᠵᠢᠶᠡᠨ ᠳᠡᠭᠡᠷ᠎ᠡ ᠪᠠᠶᠠᠷ ᠤᠨ ᠡᠳᠦᠷ ᠤᠨ ᠵᠠᠬᠢᠶᠠᠰᠤ ᠢᠯᠡᠬᠡᠬᠦ᠂ ᠡᠮᠡᠭᠲᠡᠶᠢᠴᠦᠳ ᠤᠨ ᠤᠬᠠᠭᠤᠯᠭ᠎ᠠ ᠲᠠᠶᠢᠯᠤᠮᠵᠢ᠂ ᠡᠮᠡᠭᠲᠡᠶᠢᠴᠦᠳ ᠤᠨ ᠶᠠᠷᠢᠯᠴᠠᠬᠤ ᠬᠤᠷᠠᠯ᠂ ᠡᠮᠡᠭᠲᠡᠶᠢᠴᠦᠳ ᠤᠨ ᠨᠣᠮ ᠤᠩᠰᠢᠬᠤ ᠬᠤᠷᠠᠯ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ ᠡᠷᠬᠢᠯᠡᠵᠦ᠂  ᠡᠷᠡᠭᠦᠯ ᠴᠢᠭᠢᠷᠠᠭ᠂  ᠦᠭᠡᠳᠡᠷᠭᠡᠭ ᠲᠠᠪᠰᠢᠩᠭᠤᠢ᠂ ᠬᠦᠷ ᠬᠥᠭᠵᠢᠶᠡᠨᠲᠡᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠨ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ  ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠬᠦ ᠎ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号