ᠲᠠᠶᠢᠹᠤᠰᠧ ᠬᠤᠰᠢᠭᠤ ᠭᠤᠣᠯᠳᠠᠯᠭ᠎ᠠ ᠲᠠᠢ ᠠᠵᠢᠯ ᠲᠦᠷᠦᠯ ᠤᠨ ᠭᠠᠯ ᠰᠡᠷᠭᠡᠶᠢᠯᠡᠯᠳᠡ ᠪᠠ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/11
   3 ᠰᠠᠷ᠎ᠠ ᠶᠢᠨ 8᠎ ᠤ ᠡᠳᠦᠷ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠦᠭᠦ ᠬᠤᠰᠢᠭᠤᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠭᠠᠯ ᠰᠡᠷᠭᠡᠶᠢᠯᠡᠯᠳᠡ ᠪᠠ  ᠰᠢᠳᠠᠮᠠᠬᠠᠢ ᠬᠡᠢ ᠶᠢᠨ ᠠᠶᠤᠯᠭᠦᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃   ᠪᠣᠯᠪᠠᠰᠤᠷᠠᠯ ᠳᠤ ᠭᠤᠣᠯᠳᠠᠯᠭ᠎ᠠ ᠲᠠᠢ ᠲᠠᠯᠠᠪᠤᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠡᠮ ᠰᠤᠭᠤᠭ ᠢ ᠪᠠᠶᠢᠴᠠᠭᠠᠨ ᠠᠷᠢᠯᠭᠠᠬᠤ᠂ ᠰᠢᠲᠠᠮᠠᠬᠠᠢ ᠬᠡᠢ ᠬᠡᠷᠡᠭᠯᠡᠬᠦ ᠳᠤ ᠠᠩᠬᠠᠷᠬᠤ ᠵᠦᠢᠯᠡᠰ᠂  ᠰᠢᠲᠠᠮᠠᠬᠠᠢ ᠬᠡᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠰᠣᠩᠭᠤᠨ ᠬᠤᠳᠠᠯᠳᠤᠨ ᠠᠪᠬᠤ  ᠪᠠ ᠰᠢᠯᠭᠠᠨ ᠪᠠᠶᠢᠴᠠᠭᠠᠬᠤ ᠠᠷᠭ᠎ᠠ  ᠲᠦᠷᠢᠮ ᠵᠡᠷᠭᠡ ᠪᠠᠷ ᠭᠤᠣᠯᠳᠠᠯᠭ᠎ᠠ ᠪᠣᠯᠭᠠᠵᠤ ᠂ ︽ᠬᠡᠷᠡᠭ ᠤᠨ ᠵᠢᠱᠢᠶ᠎ᠡ +   ᠲᠠᠭᠤᠷᠢᠶᠠᠮᠠᠯ ᠰᠤᠷᠢᠯᠳᠠ +  ᠤᠬᠠᠭᠤᠯᠭ᠎ᠠ ᠲᠠᠶᠢᠯᠤᠮᠵᠢ︾᠎ ᠶᠢᠨ ᠠᠷᠭ᠎ᠠ ᠬᠡᠯᠪᠡᠷᠢ ᠎ ᠪᠠᠷ ᠳᠠᠮᠵᠢᠨ᠂ ᠪᠣᠯᠪᠠᠰᠤᠷᠠᠯ ᠳᠤ ᠣᠷᠣᠯᠴᠠᠭᠰᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠤᠨ ᠰᠠᠭᠤᠷᠢ ᠶᠢ ᠪᠠᠳᠤᠳᠬᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠰᠡᠷᠭᠡᠶᠢᠯᠡᠯᠳᠡ ᠎ ᠶᠢ ᠠᠶᠤᠯ ᠬᠡᠮ ᠢ ᠴᠡᠭᠴᠡᠯᠡᠨ ᠵᠠᠰᠠᠬᠤ ᠠᠵᠢᠯᠯᠠᠭ᠎ᠠ ᠪᠠᠨ ᠦᠷᠭᠦᠯᠵᠢᠯᠡᠨ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠠᠷᠭ᠎ᠠ ᠲᠦᠰᠦᠪ ᠢᠶᠠᠨ ᠰᠢᠯᠢᠳᠡᠭᠵᠢᠭᠦᠯᠵᠦ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠬᠤᠰᠢᠭᠤᠨ ᠤ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠢ ᠪᠠᠳᠤᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号