ᠤᠳᠬ᠎ᠠ ᠠᠭᠤᠯᠭ᠎ᠠ ᠲᠠᠢ ᠠᠵᠢᠯᠯᠠᠭ᠎ᠠ ᠳᠤ ᠤᠷᠤᠯᠴᠠᠵᠤ ᠦᠨᠡᠨᠴᠢ ᠨᠠᠨᠳᠢᠨ ᠨᠥᠬᠦᠷᠯᠡᠯ ᠪᠠᠶᠢᠭᠤᠯᠪᠠ
ᠨᠡᠶᠢᠲᠡᠯᠡᠭᠰᠡᠨ ᠴᠠᠭ᠄
2024/3/11
  3 ᠰᠠᠷ᠎ᠠ ᠶᠢᠨ 8 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂  ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠠᠴᠠ ᠬᠠᠮᠲᠤᠷᠠᠨ ᠡᠷᠭᠢᠯᠡᠭᠰᠡᠨ 2024 ᠣᠨ ᠤ ᠲᠠᠶᠢᠹᠤᠰᠧ ᠬᠤᠰᠢᠭᠤᠨ ᠤ ᠵᠠᠯᠠᠭᠤᠴᠤᠳ ᠤᠨ ᠨᠥᠬᠦᠷᠯᠡᠯ ᠤᠨ ᠠᠵᠢᠯᠯᠠᠭ᠎ᠠ ᠵᠠᠯᠠᠭᠤᠴᠤᠳ ᠪᠠᠭᠠᠴᠤᠳ ᠤᠨ ᠬᠦᠳᠡᠯᠪᠦᠷᠢ ᠠᠵᠢᠯᠯᠠᠭᠠᠨ ᠤ ᠲᠥᠪ ᠲᠤ  ᠠᠮᠵᠢᠯᠳᠠ ᠲᠠᠢ ᠶᠠᠪᠤᠭᠳᠠᠵᠤ᠂  ᠲᠤᠰ ᠬᠤᠰᠢᠭᠤᠨ ᠤ 30 ᠭᠠᠷᠤᠢ ᠵᠠᠯᠠᠭᠤ ᠺᠠᠳ᠋ᠷ ᠠᠵᠢᠯᠲᠠᠨ  ᠠᠵᠢᠯᠯᠠᠭ᠎ᠠ ᠳᠤ ᠣᠷᠣᠯᠴᠠᠵᠠᠢ᠃  ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠬᠤᠰᠢᠭᠤ ᠨᠠᠮ ᠵᠠᠰᠠᠭ ᠤᠨ ᠤᠳᠤᠷᠢᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠪᠠ ᠠᠵᠢᠯ ᠲᠥᠷᠥᠯ ᠤᠨ ᠬᠢᠨ ᠲᠠᠢ ᠢᠳᠡᠪᠬᠢᠲᠡᠢ ᠬᠤᠯᠪᠤᠭᠠᠯᠠᠨ᠂ ᠵᠠᠯᠠᠭᠤᠴᠤᠳ ᠤᠨ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠤᠨ ᠥᠪᠡᠷᠮᠢᠴᠡ ᠣᠨᠴᠠᠯᠢᠭ ᠲᠠᠢ ᠨᠡᠶᠢᠭᠡᠮ ᠤᠨ ᠬᠠᠷᠢᠯᠴᠠᠭᠠᠨ ᠤ ᠲᠠᠪᠴᠠᠩ ᠢ ᠳᠠᠰᠤᠷᠠᠯᠳᠠ ᠦᠭᠡᠢ ᠦᠷᠭᠡᠳᠭᠡᠨ᠂  ᠠᠭᠤᠯᠭ᠎ᠠ ᠪᠠᠶᠠᠨ ᠤᠳᠬ᠎ᠠ ᠲᠡᠬᠦᠯᠳᠡᠷ ᠬᠦᠳᠡᠯᠪᠦᠷᠢ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠥᠷᠭᠡᠨ ᠤᠯᠠᠨ ᠵᠠᠯᠠᠭᠤᠴᠤᠳ ᠢ ᠵᠢᠯᠤᠭᠤᠳᠤᠨ ᠰᠢᠨ᠎ᠡ ᠦᠵᠡᠯ ᠰᠠᠨᠠᠭᠠᠨ ᠤ ᠲᠤᠮᠳᠠ ᠠᠴᠠ ᠤᠷᠤᠭᠰᠢᠯᠠᠯᠳᠠ ᠶᠢᠨ ᠬᠦᠴᠦᠨ ᠢ ᠰᠢᠩᠭᠡᠬᠡᠨ ᠠᠪᠴᠤ᠂ ᠰᠢᠨ᠎ᠡ ᠦᠢᠯᠡᠳᠦᠯᠭᠡ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠦᠨ᠂ ᠲᠠᠶᠢᠹᠤᠰᠧ ᠬᠤᠰᠢᠭᠤᠨ ᠤ ᠪᠠᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠦᠴᠦᠨ ᠢ ᠬᠤᠷᠠᠮᠳᠤᠭᠤᠯᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号