ᠥᠪᠥᠷ ᠮᠣᠩᠭᠤᠯ ︽ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠳᠠ ᠵᠶᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠪ︾  ᠨᠡᠶᠢᠳᠡᠯᠡᠭᠰᠡᠨ
ᠨᠡᠶᠢᠲᠡᠯᠡᠭᠰᠡᠨ ᠴᠠᠭ᠄
2024/3/11
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠵᠢᠷᠯᠢᠭ ᠭᠠᠵᠠᠷ ᠤᠨ ᠶᠡᠷᠦᠩᠭᠡᠶᠢᠯᠡᠭᠰᠡᠨ ᠠᠰᠢᠭᠯᠠᠯᠳᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠪ︾ ︵ᠳᠣᠷᠣᠭᠰᠢ ︽ᠬᠡᠷᠡᠭᠵᠢᠭᠦᠯᠬᠦ  ᠲᠦᠰᠦᠪ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ︽ᠬᠡᠷᠡᠭᠵᠢᠭᠦᠯᠬᠦ ᠲᠦᠰᠦᠪ︾ ᠨᠢ ᠮᠠᠨ ᠤ ᠣᠷᠣᠨ ᠤ ᠡᠬᠢ ᠪᠠᠶᠠᠯᠢᠭ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠨᠥᠬᠦᠴᠡᠯ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠲᠥᠷᠥ ᠶᠢᠨ ᠶᠠᠪᠤᠳᠠᠯ   ᠤᠨ ᠬᠤᠷᠢᠶᠠᠨ ᠤ ︽ᠰᠠᠨᠠᠯ︾ ᠢ ᠨᠠᠶᠢᠳᠠᠪᠤᠷᠢᠵᠢᠭᠤᠯᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠣᠷᠭᠠᠨᠢᠭ ᠢᠶᠠᠷ ᠨᠢᠭᠲᠠ ᠤᠶᠠᠯᠳᠤᠭᠤᠯᠵᠤ᠂ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠤᠷᠠᠳᠤᠨ᠂ ᠭᠤᠣᠯᠳᠠᠯᠭ᠎ᠠ ᠲᠠᠢ ᠡᠭᠦᠷᠭᠡ ᠶᠢ ᠪᠥᠬᠦᠨ ᠢ ᠪᠠᠭᠲᠠᠭᠠᠵᠤ᠂  ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠬᠤᠵᠢᠷᠯᠢᠭ ᠭᠠᠵᠠᠷ ᠤᠨ ᠶᠡᠷᠦᠩᠭᠡᠶᠢᠯᠡᠭᠰᠡᠨ ᠠᠰᠢᠭᠯᠠᠯᠳᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ  ᠪᠠᠷ ᠵᠤᠷᠢᠯᠭ᠎ᠠ ᠪᠤᠯᠭᠠᠵᠠᠢ᠃    ︽ᠬᠡᠷᠡᠭᠵᠢᠭᠦᠯᠬᠦ ᠲᠦᠰᠦᠪ︾  ᠨᠢ ᠰᠢᠰᠲ᠋ᠧᠮᠲᠦ ᠦᠵᠡᠯᠲᠡ ᠶᠢ ᠪᠠᠷᠢᠮᠳᠠᠯᠠᠨ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠦᠨᠳᠦᠷᠴᠡ ᠠᠴᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠵᠠᠳᠠᠯᠤᠨ ᠰᠢᠨᠵᠢᠯᠡᠵᠦ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠡᠮᠡᠬᠦ  ︽ᠵᠠᠩᠭᠢᠯᠠᠭ᠎ᠠ︾ ᠶᠢ ᠠᠳᠬᠤᠨ᠂  ᠲᠠᠷᠢᠮᠠᠯ ᠤᠨ ᠡᠬᠢ ᠪᠠᠶᠠᠯᠢᠭ᠂ ᠲᠠᠷᠢᠶᠠᠨ ᠭᠠᠵᠠᠷ ᠤᠨ ᠬᠠᠮᠠᠭᠠᠯᠠᠯᠳᠠ ᠪᠠ ᠤᠰᠤ ᠶᠢ ᠵᠠᠰᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂   ᠲᠠᠷᠢᠶᠠᠨ ᠦᠷ᠎ᠡ ᠶᠢ ᠰᠠᠶᠢᠵᠢᠷᠠᠭᠤᠯᠬᠤ ᠶᠢ ᠵᠡᠷᠭᠡᠪᠡᠷ ᠠᠬᠢᠭᠤᠯᠵᠤ᠂ ᠡᠯ᠎ᠡ ᠲᠥᠷᠥᠯ ᠤᠨ ᠲᠠᠷᠢᠶᠠᠯᠠᠩ᠂ ᠤᠰᠤᠨ ᠠᠰᠢᠭᠯᠠᠯᠲᠠ  ᠂  ᠠᠮᠢ ᠠᠬᠤᠢ ᠶᠢᠨ ᠲᠥᠷᠥ ᠶᠢᠨ ᠪᠣᠳᠣᠯᠭ᠎ᠠ ᠶᠢ ᠤᠶᠠᠯᠳᠤᠭᠤᠯᠤᠨ᠂ ᠭᠤᠷᠪᠠᠨ ᠶᠡᠭᠡ ᠭᠡᠰᠡᠭᠯᠡᠯ ᠤᠨ ᠣᠷᠣᠨ ᠳᠤ ᠪᠣᠳᠠᠲᠠᠢ ᠠᠷᠭ᠎ᠠ ᠬᠡᠮᠵᠢᠶ᠎ᠡ ᠲᠤᠭᠳᠠᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠳᠤᠷᠠᠯ ᠤᠨ ᠬᠦᠴᠦᠨ ᠢ ᠪᠦᠷᠢᠯᠳᠦᠭᠦᠯᠪᠡ᠃     ᠠᠵᠢᠯ ᠤᠨ ᠪᠠᠶᠢᠷᠢᠯᠠᠭᠤᠯᠤᠯᠳᠠ ᠶᠢᠨ ᠲᠠᠯ᠎ᠠ  ᠪᠠᠷ᠂ ︽ᠬᠡᠷᠡᠭᠵᠢᠭᠦᠯᠬᠦ ᠲᠦᠰᠦᠪ︾ ᠨᠢ ︽ᠡᠮᠬᠢ ᠵᠢᠷᠤᠮ ᠲᠠᠢ︾ ᠪᠠᠶᠢᠬᠤ ᠶᠢ ᠴᠢᠩᠭᠠᠳᠬᠠᠬᠤ ᠶᠢᠨ ᠬᠠᠮᠲᠤ ︽ ᠡᠷᠴᠢᠮᠳᠡᠢ︾ ᠪᠠ ︽ᠪᠦᠲᠦᠮᠵᠢᠲᠡᠶ︾ ᠶᠢ ᠤᠯᠠᠮ  ᠳᠣᠪᠤᠶᠢᠯᠭᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠠᠵᠢᠯ ᠤᠨ ᠰᠠᠭᠤᠷᠢ ᠳᠤ ᠰᠠᠭᠤᠷᠢᠯᠠᠨ᠂ ᠡᠬᠢᠨ ᠤ ᠵᠢᠯ ᠳᠤ ᠡᠬᠢᠯᠡᠯᠲᠡ ᠶᠢᠨ ᠬᠠᠨᠳᠤᠰᠢ ᠲᠠᠢ ᠪᠠᠶᠢᠬᠤ ᠶᠢ ᠪᠠᠷᠢᠮᠲᠠᠯᠠᠵᠤ᠂ ᠡᠭᠦᠷᠭᠡ ᠶᠢ ᠨᠠᠩ ᠲᠦᠪᠯᠡᠷᠡᠩᠬᠦᠢ᠂ ᠠᠷᠭ᠎ᠠ ᠶᠢ ᠨᠠᠩ ᠣᠨᠣᠪᠴᠢᠲᠠᠶ᠂ ᠬᠠᠷᠠᠯᠲᠠ ᠶᠢ ᠨᠠᠩ ᠪᠣᠳᠠᠲᠠᠢ ᠪᠤᠯᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠤᠳᠠᠳᠠᠢ ᠪᠠᠷ ᠬᠡᠷᠡᠭᠵᠢᠭᠦᠯᠵᠦ᠂ ᠪᠣᠳᠠᠲᠠᠢ ᠪᠠᠷ ᠨᠠᠶᠢᠳᠠᠪᠤᠷᠢᠵᠢᠭᠤᠯᠵᠤ᠂ ᠨᠢᠭᠡᠳᠦᠭᠡᠷ ᠵᠢᠯ ᠳᠡᠭᠡᠨ ᠪᠤᠳᠠᠳᠠᠢ ᠦᠷ᠎ᠡ ᠪᠦᠲᠦᠮᠵᠢ ᠤᠯᠬᠤ ᠶᠢ ᠱᠠᠭᠠᠷᠳᠠᠭᠰᠠᠨ ᠪᠠᠶᠢᠨ᠎ᠠ  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号