ᠬᠤᠩ ᠴᠢ  ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/3/11
   ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠬᠡᠳᠭᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠲᠤᠤᠱᠯᠠᠭᠤᠯᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠦᠯᠦᠭᠡ᠂  3 ᠰᠠᠷ᠎ᠠ ᠶᠢᠨ 8  ᠤ ᠡᠳᠦᠷ ᠬᠤᠩ ᠴᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠲᠤᠤᠱᠯᠠᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ᠃  ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠳᠡᠳ᠋ ᠱᠦᠵᠢ ᠸᠠᠩ ᠶᠠ ᠨᠠᠨ ᠬᠤᠷᠠᠯ ᠢ ᠡᠷᠬᠢᠯᠡᠵᠡᠢ᠃ ᠬᠤᠷᠠᠯ ᠳᠡᠭᠡᠷ᠎ᠡ ᠭᠤᠣᠯᠳᠠᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠠᠭᠤᠯᠭ᠎ᠠ ᠰᠡᠳᠦᠪ ᠤᠨ ᠲᠣᠭᠤᠷᠢᠨ ᠳᠤ ᠳᠠᠭᠠᠭᠤᠯᠤᠨ ᠰᠤᠷᠤᠯᠴᠠᠭᠰᠠᠨ ᠪᠠᠶᠢᠨ᠎ᠠ᠃  ᠬᠤᠷᠠᠯ ᠠᠴᠠ᠂  ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠮᠥᠨ ᠭᠡᠵᠦ ᠵᠢᠭᠠᠵᠤ  ᠭᠠᠷᠭᠠᠭᠰᠠᠨ ᠪᠠᠶᠢᠳᠠᠭ᠂ ᠤᠯᠠᠨ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠪᠠᠨ ᠤᠯᠠᠮ ᠢᠯᠡᠬᠦᠦ ᠪᠠᠲᠤᠳᠬᠠᠬᠤ ᠬᠡᠷᠡᠭᠲᠡᠢ ᠬᠡᠵᠦ ᠴᠢᠬᠤᠯᠠᠴᠢᠯᠠᠪᠠ᠃ ᠳᠠᠷᠠᠭᠠᠴᠢ ᠶᠢᠨ ᠠᠯᠬᠤᠮ ᠳᠤ᠂  ᠬᠤᠩ ᠴᠢ ᠪᠠᠯᠭᠠᠰᠤᠨ  ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠨᠡᠶᠢᠭᠡᠮ ᠤᠨ ᠤᠬᠠᠭᠤᠯᠭ᠎ᠠ ᠶᠢ ᠦᠷᠭᠦᠯᠵᠢᠯᠡᠨ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠬᠥᠮᠥᠨ ᠪᠦᠬᠦᠨ ᠮᠡᠳᠡᠬᠦ᠂ ᠬᠠᠮᠲᠤᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠤᠨ ᠲᠠᠷᠢᠬᠢᠨ ᠳᠤ ᠬᠠᠳᠠᠩᠰᠢᠵᠤ ᠰᠡᠳᠬᠢᠯ ᠳᠤ ᠰᠠᠭᠤᠭᠳᠠᠬᠤ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号