ᠯᠦᠸᠧ ᠲᠦᠸᠧ ᠱᠠᠨ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/11
    ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠨ ᠬᠢᠵᠦ᠂ ᠪᠥᠬᠦ ᠪᠠᠯᠭᠠᠰᠤᠨ ᠤ ᠠᠵᠤ ᠠᠬᠤᠢ ᠬᠢᠭᠡᠳ ᠡᠯ᠎ᠡ ᠲᠦᠷᠦᠯ ᠤᠨ ᠨᠡᠶᠢᠭᠡᠮ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠦᠯᠦᠭᠡ᠂ 3 ᠰᠠᠷ᠎ᠠ ᠶᠢᠨ 8 ᠤ ᠡᠳᠦᠷ ᠯᠥᠸᠧ ᠲᠦᠸᠧ ᠱᠠᠨ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠪ᠊ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠣᠶ ᠰᠢᠭᠤᠢ ᠶᠢᠨ ᠬᠠᠮᠠᠭᠠᠯᠠᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠪᠥᠬᠦ ᠪᠠᠯᠭᠠᠰᠤᠨ ᠤ ᠭᠠᠯ ᠰᠡᠷᠭᠡᠶᠢᠯᠡᠬᠦ  ᠠᠵᠢᠯ ᠳᠤ ᠪᠠᠶᠢᠷᠢᠯᠠᠭᠤᠯᠤᠯᠲᠠ ᠬᠢᠭᠰᠡᠨ ᠤ ᠬᠠᠮᠲᠤ᠂ ᠡᠯ᠎ᠡ ᠲᠣᠰᠬᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠲᠣᠰᠬᠤᠨ ᠱᠠᠲᠤᠨ ᠤ ᠣᠶ ᠰᠢᠭᠤᠢ ᠶᠢᠨ ᠳᠠᠷᠤᠭ᠎ᠠ᠂ ᠣᠶ  ᠰᠢᠭᠤᠢ ᠶᠢᠨ ᠬᠠᠮᠠᠭᠠᠯᠠᠭᠴᠢ ᠨᠠᠷ ᠳᠤ ᠴᠢᠩᠭ᠎ᠠ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠬᠤᠷᠠᠯ ᠠᠴᠠ᠂  ᠭᠠᠯ ᠰᠡᠷᠭᠡᠶᠢᠯᠡᠬᠦ ᠠᠵᠢᠯ ᠪᠣᠯ ᠠᠷᠠᠳ ᠣᠯᠠᠨ ᠤ ᠠᠮᠢ ᠨᠠᠰᠤ ᠡᠳ᠋ ᠬᠦᠢᠷᠣᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠳᠤ  ᠬᠤᠯᠪᠤᠭᠳᠠᠭᠰᠠᠨ ᠴᠢᠬᠤᠯᠠ ᠠᠵᠢᠯ ᠪᠤᠯᠤᠨ᠎ᠠ᠃   ᠤᠳᠤ  ᠶᠠᠭ ᠬᠠᠪᠤᠷ ᠤᠨ ᠤᠯᠠᠷᠢᠯ ᠪᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠡᠭᠦᠷᠭᠡ ᠬᠦᠨᠳᠦ ᠨᠦᠰᠡᠷ ᠮᠦᠷᠳᠡᠭᠡᠨ ᠬᠠᠲᠠᠭᠤ ᠪᠡᠷᠬᠡ ᠪᠠᠶᠢᠭ᠎ᠠ ᠪᠣᠯᠬᠤᠷ  ᠲᠣᠰᠬᠤᠨ ᠤ ᠺᠠᠳ᠋ᠷ᠂ ᠣᠶ ᠰᠢᠭᠤᠢ ᠶᠢᠨ ᠬᠠᠮᠠᠭᠠᠯᠠᠭᠴᠢ ᠨᠠᠷ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠯᠮᠠᠶᠢᠷᠠᠵᠤ ᠮᠢᠨᠴᠦᠬᠦᠷᠡᠬᠦ ᠦᠵᠡᠯ ᠰᠠᠨᠠᠭ᠎ᠠ ᠶᠢ ᠲᠡᠪᠴᠢᠨ  ᠂  ᠰᠤᠨᠤᠷ ᠰᠡᠷᠡᠮᠵᠢ ᠪᠠᠨ ᠴᠠᠭ ᠢᠮᠠᠭᠲᠠ ᠴᠢᠩᠭᠠᠳᠬᠠᠵᠤ᠂ ᠡᠯ᠎ᠡ ᠲᠥᠷᠥᠯ ᠤᠨ ᠭᠠᠯ ᠤᠨ ᠠᠶᠤᠯ ᠠᠴᠠ ᠬᠦᠨᠵᠡᠬᠡᠢ ᠰᠤᠷᠭᠠᠮᠵᠢ ᠠᠪᠴᠤ᠂  ᠭᠡᠮ ᠰᠤᠭᠤᠭ ᠢ  ᠲᠤᠶᠢᠯᠪᠤᠷᠢᠳᠠᠢ ᠠᠷᠢᠯᠭᠠᠨ᠂  ᠤᠰᠤᠯ ᠠᠳᠡᠯ   ᠢ ᠡᠷᠡᠰ ᠰᠡᠷᠭᠡᠶᠢᠯᠡᠬᠦ ᠬᠡᠷᠡᠭᠲᠡᠢ᠃  ᠨᠢᠬᠡ ᠳᠤ᠂ ᠡᠯ᠎ᠡ ᠲᠣᠰᠬᠤᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠡᠬᠦᠰᠭᠡᠵᠦ ᠮᠡᠳᠡᠬᠦ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠨᠠᠷᠢᠨ ᠪᠠᠶᠢᠴᠠᠭᠠᠵᠤ᠂ ᠭᠤᠣᠯᠳᠠᠯᠭ᠎ᠠ ᠲᠠᠢ ᠭᠠᠵᠠᠷ ᠣᠷᠣᠨ ᠢ ᠰᠠᠶᠢᠳᠤᠷ ᠠᠩᠬᠠᠷᠤᠨ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠬᠢᠨᠠᠵᠤ᠂ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠭᠡᠷᠡᠭᠳᠡᠢ᠃ ᠬᠤᠶᠠᠷ ᠲᠤ ᠤᠬᠠᠭᠤᠯᠭ᠎ᠠ ᠬᠥᠮᠦᠵᠢᠯ ᠢ ᠤᠯᠠᠮ ᠴᠢᠩᠭᠠᠳᠬᠠᠵᠤ᠂ ᠲᠣᠰᠬᠤᠨ ᠱᠠᠲᠤᠨ ᠤ ᠷᠠᠳᠢᠣ᠋ ᠨᠡᠪᠲᠡᠷᠡᠭᠦᠯᠭᠡ᠂ ᠸᠢᠴᠠᠲ ᠬᠤᠯᠪᠤᠭ᠎ᠠ ᠶᠢ ᠠᠰᠢᠭᠯᠠᠬᠤ ᠪᠠ  ᠠᠶᠢᠯ ᠡᠷᠦᠬᠡ ᠪᠠᠷ ᠲᠤᠭᠤᠷᠢᠬᠤ᠂ ᠤᠬᠠᠭᠤᠯᠭ᠎ᠠ ᠶᠢᠨ ᠤᠷᠢᠶ᠎ᠠ ᠨᠠᠭᠠᠬᠤ  ᠵᠡᠷᠭᠡ ᠠᠷᠭ᠎ᠠ  ᠬᠡᠯᠪᠡᠷᠢ ᠪᠠᠷ ᠭᠠᠯ  ᠰᠡᠷᠭᠡᠶᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ᠂ ᠬᠠᠮᠢᠶ᠎ᠠ ᠪᠦᠬᠦᠢ ᠬᠠᠤᠯᠢ  ᠲᠦᠷᠢᠮ᠂  ᠭᠠᠯ ᠤᠨᠳᠠᠷᠠᠭᠠᠵᠤ ᠠᠶᠤᠯ ᠠᠴᠠ ᠠᠪᠤᠷᠠᠬᠤ ᠶᠡᠷᠦ ᠶᠢᠨ ᠮᠡᠳᠡᠯᠭᠡ ᠵᠡᠷᠭᠡ ᠶᠢ ᠶᠡᠬᠡᠪᠡᠷ ᠤᠬᠠᠭᠤᠯᠵᠤ  ᠂  ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠲᠡᠭᠡᠭᠰᠢᠯᠡᠬᠦᠯᠦᠨ  ᠂   ᠪᠦᠬᠦ ᠠᠷᠠᠳ ᠢᠶᠠᠷ ᠢᠶᠠᠨ ᠭᠠᠯ ᠰᠡᠷᠭᠡᠶᠢᠯᠡᠬᠦ ᠶᠢ ᠠᠩᠬᠠᠷᠬᠤ᠂ ᠭᠠᠯ ᠰᠡᠷᠭᠡᠶᠢᠯᠡᠬᠦ ᠳᠤ ᠣᠷᠣᠯᠴᠠᠬᠤ᠂ ᠭᠠᠯ ᠰᠡᠷᠭᠡᠶᠢᠯᠡᠬᠦ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号