ᠲᠠᠶᠢᠹᠤᠰᠧ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠡᠬᠡᠯᠵᠢᠳᠦ ᠪᠤᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/3/12
   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂ ᠳᠤᠮᠳᠠᠳᠤ  ᠎ ᠶᠢᠨ ᠦᠨᠳᠦᠰᠦᠲᠡᠨ ᠤ ᠬᠠᠮᠲᠤ  ᠎ ᠶᠢᠨ ᠴᠣᠭᠴᠠ  ᠎ ᠶᠢᠨ ᠤᠬᠠᠮᠰᠠᠷ  ᠎ ᠢ  ᠪᠠᠳᠤᠳᠬᠠᠬᠤ ᠭᠤᠣᠯ ᠰᠢᠵᠢᠮ ᠢ ᠡᠯ᠎ᠡ ᠲᠦᠷᠦᠯ ᠤᠨ ᠠᠵᠢᠯ ᠤᠨ ᠬᠦᠷᠢᠶ᠎ᠡ ᠴᠠᠷᠠᠭ᠎ᠠ ᠳᠤ ᠲᠤᠤᠱᠳᠠᠢ ᠨᠠᠶᠢᠳᠠᠪᠤᠷᠢᠵᠢᠭᠤᠯᠤᠨ᠂  ︽ᠨᠠᠮ ᠤᠨ  ᠎ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠬᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠬᠤ︾  ᠤᠯᠠᠨ ᠲᠦᠮᠡᠨᠴᠢ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠬᠤ ᠶᠢᠨ ᠲᠦᠯᠦᠭᠡ᠂ 3 ᠰᠠᠷ᠎ᠠ ᠶᠢᠨ 11᠎ ᠤ ᠡᠳᠦᠷ ᠲᠠᠶᠢᠹᠤᠰᠧ ᠬᠤᠰᠢᠭᠤᠨ ᠤ ᠨᠠᠮ ᠤᠨ ᠰᠤᠷᠭᠠᠭᠤᠯᠢ ᠨᠢ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠵᠤ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠬᠤ ᠠᠩᠭᠢ ᠶᠢᠨ ᠰᠤᠷᠤᠯᠭ᠎ᠠ ᠶᠢ ᠡᠬᠢᠯᠡᠬᠦᠯᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂  ᠪᠣᠯᠪᠠᠰᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠪᠠᠷᠢᠮᠳᠠᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠵᠤᠵᠠᠭᠠᠳᠬᠠᠨ᠂ ᠰᠤᠷᠤᠯᠴᠠᠬᠤ ᠴᠢᠳᠠᠪᠤᠷᠢ᠂ ᠠᠵᠢᠯᠯᠠᠬᠤ ᠴᠢᠳᠠᠪᠤᠷᠢ ᠪᠣᠯᠣᠨ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂  ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠤᠯᠤᠰ ᠲᠦᠷᠦ ᠶᠢᠨ ᠤᠤᠷ ᠴᠢᠨᠠᠷ ᠪᠣᠯᠣᠨ ᠬᠠᠷᠢᠭᠤᠴᠠᠯᠭ᠎ᠠ ᠡᠭᠦᠷᠭᠡᠯᠡᠬᠦ ᠬᠡᠪ ᠴᠢᠨᠠᠷ ᠢᠶᠠᠨ ᠢᠯᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠠᠶᠢᠮᠠᠭ ᠤᠨ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠣᠨᠣᠯ ᠵᠢᠭᠠᠬᠤ ᠬᠡᠯᠲᠡᠰ ᠤᠨ ᠳᠡᠳ᠋ ᠫᠷᠤᠹᠧᠰᠰᠤᠷ ᠳ᠋ᠦᠩ ᠴᠢᠶᠣᠤ ᠰᠢᠶᠠ  ᠎ ᠠᠴᠠ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠤ︾ ᠭᠤᠣᠯ ᠰᠡᠳᠦᠪ ᠢᠶᠠᠷ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾᠎ ᠢ ᠤᠷᠤᠵᠠᠢ᠃  ᠡᠨᠡ ᠤᠳᠠᠭᠠᠨ ᠤ ᠪᠣᠯᠪᠠᠰᠤᠷᠠᠯ ᠢ ᠭᠤᠷᠪᠠᠨ ᠬᠤᠭᠤᠴᠠᠭ᠎ᠠ ᠬᠤᠪᠢᠶᠠᠵᠤ᠂ ᠬᠤᠭᠤᠴᠠᠭ᠎ᠠ ᠪᠦᠷᠢ ᠳᠤ ᠭᠤᠷᠪᠠᠨ ᠡᠳᠦᠷ ᠎ ᠤᠨ ᠬᠢᠴᠢᠶᠡᠯ ᠤᠷᠤᠬᠤ ᠪᠠᠷ ᠲᠤᠭᠳᠠᠪᠠ᠃ ᠬᠢᠴᠢᠶᠡᠯ  ᠎ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ︽ᠵᠢᠷᠭᠤᠭᠠᠨ ᠥᠭᠦᠯᠡᠪᠦᠷᠢ︾ ᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠵᠡᠷᠭᠡ ᠠᠭᠤᠯᠭ᠎ᠠ ᠶᠢ ᠪᠠᠭᠳᠠᠭᠠᠨ᠎ᠠ᠃ ᠡᠶᠢᠨ ᠬᠦ᠋ ᠪᠥᠬᠦ ᠬᠤᠰᠢᠭᠤᠨ ᠤ 400 ᠭᠠᠷᠤᠢ ᠰᠠᠯᠠᠭᠠᠨ ᠲᠠᠰ ᠤᠨ ᠤᠳᠤᠷᠢᠳᠬᠤ ᠺᠠᠳ᠋ᠷ ᠲᠤ ᠪᠤᠯᠪᠠᠰᠤᠷᠠᠯ ᠬᠥᠮᠦᠵᠢᠯ ᠬᠦᠷᠳᠡᠭᠡᠵᠦ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠥᠵᠢᠭᠦᠯᠬᠦ᠂ ᠥᠨᠳᠥᠷ ᠪᠠᠷᠢᠮᠵᠢᠶ᠎ᠠ ᠪᠠᠷ ᠡᠯ᠎ᠡ ᠲᠦᠷᠦᠯ ᠤᠨ ᠠᠵᠢᠯ ᠢ ᠰᠠᠶᠢᠨ ᠬᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号