3 ᠰᠠᠷ᠎ᠠ ᠶᠢᠨ 11 ᠤ ᠡᠳᠦᠷ᠂ ᠲᠠᠶᠢᠹᠤᠰᠧ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ | ᠲᠤᠭᠳᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ ᠪᠦᠦ ᠴᠢᠩ ᠱᠠᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠰᠢᠦᠢ | ᠰᠢᠨ ᠹᠠᠩ ᠬᠤᠷᠠᠯ ᠢ ᠡᠷᠬᠢᠯᠡᠵᠡᠢ᠃ ᠬᠤᠷᠠᠯ ᠲᠡᠭᠡᠷ᠎ᠡ᠂ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ | ᠥᠷᠨᠢᠭᠦᠯᠦᠭᠰᠡᠨ ᠪᠠᠶᠢᠳᠠᠯ ᠪᠣᠯᠣᠨ ᠴᠡᠷᠢᠭ ᠲᠣᠭᠲᠠᠭᠠᠬᠤ ᠲᠦᠰᠦᠪ ᠤᠨ ᠲᠤᠬᠠᠢ ᠬᠠᠷᠢᠭᠤ ᠮᠡᠳᠡᠬᠦᠯᠦᠯᠳᠡ ᠬᠢᠵᠦ᠂ | ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠴᠡᠷᠢᠭ ᠤᠨ ᠨᠡᠷᠡᠰ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ | ᠲᠣᠭᠲᠠᠭᠠᠯ ᠢ ᠰᠤᠷᠤᠯᠴᠠᠨ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠪᠠᠶᠢᠴᠠᠭᠠᠯᠳᠠ ᠪᠠ ᠰᠤᠷᠤᠯᠭ᠎ᠠ ᠶᠢᠨ | ᠨᠠᠮᠲᠠᠷ ᠤᠨ ᠪᠠᠶᠢᠴᠠᠭᠠᠯᠳᠠ ᠶᠢ ᠬᠠᠷᠢᠭᠤᠴᠠᠭᠰᠠᠨ ᠠᠵᠢᠠᠯᠳᠠᠨ ᠠᠴᠠ ᠲᠣᠰ ᠲᠣᠰ ᠤᠨ ᠠᠵᠢᠯ ᠤᠨ ᠪᠠᠶᠢᠳᠠᠯ ᠢᠶᠠᠨ | ᠬᠠᠷᠢᠭᠤ ᠮᠡᠳᠡᠬᠦᠯᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠢᠨ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠷᠠᠯ ᠲᠡᠭᠡᠷ᠎ᠡ ᠪᠠᠰᠠ ᠤᠷᠢᠳᠴᠢᠯᠠᠨ ᠲᠣᠭᠲᠠᠭᠠᠭᠰᠠᠨ ᠨᠡᠷᠡᠰ ᠵᠢᠴᠢ ᠳᠠᠷᠠᠭᠠᠯᠠᠨ ᠨᠥᠬᠦᠪᠦᠷᠢᠯᠡᠬᠦ ᠨᠡᠷᠡᠰ ᠢ | ᠪᠠᠳᠤᠯᠠᠭᠰᠠᠨ ᠪᠠᠶᠢᠨ᠎ᠠ᠃ ᠬᠤᠷᠠᠯ ᠠᠴᠠ᠂ ᠴᠡᠷᠢᠭ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠴᠡᠷᠢᠭ ᠤᠨ ᠠᠯᠪᠠ ᠠᠴᠠ ᠡᠮᠦᠨᠡᠬᠢ ᠪᠣᠯᠪᠠᠰᠤᠷᠠᠯ ᠬᠥᠮᠦᠵᠢᠯ ᠂ ᠰᠡᠳᠬᠢᠯ ᠤᠨ ᠦᠭᠡ ᠪᠠᠨ | ᠶᠠᠷᠢᠯᠴᠠᠬᠤ ᠠᠵᠢᠯᠯᠠᠭ᠎ᠠ ᠵᠡᠷᠭᠡ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠰᠢᠨ᠎ᠡ ᠴᠡᠷᠢᠭ ᠤᠨ ᠳᠠᠩᠰᠠ | ᠡᠪᠬᠡᠮᠡᠯ ᠢ ᠴᠤᠭᠯᠠᠭᠤᠯᠤᠨ ᠡᠮᠬᠢᠳᠬᠡᠬᠦ ᠠᠵᠢᠯ ᠢ ᠨᠠᠷᠢᠨ ᠨᠢᠮᠪᠠᠢ ᠬᠢᠬᠦ ᠬᠡᠷᠡᠭᠲᠡᠢ᠃ ᠬᠦᠷᠭᠡᠵᠦ ᠲᠤᠰᠬᠤ ᠠᠵᠢᠯ ᠢ | ᠰᠠᠶᠢᠨ ᠬᠢᠵᠦ᠂ ᠲᠤᠭᠳᠠᠭᠰᠠᠨ ᠴᠠᠭ ᠲᠠᠭᠠᠨ ᠠᠮᠤᠷ ᠲᠦᠪᠰᠢᠨ ᠢᠶᠠᠷ ᠴᠡᠷᠢᠭ ᠠᠩᠭᠢ ᠳᠠᠭᠠᠨ ᠬᠦᠷᠬᠦ ᠶᠢ ᠪᠠᠲᠤᠯᠠᠬᠤ | ᠬᠡᠷᠡᠭᠲᠡᠢ᠃ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠡᠷᠢᠭ ᠡᠯᠰᠡᠬᠦ ᠲᠦᠷᠦ ᠶᠢᠨ | ᠪᠣᠳᠣᠯᠭ᠎ᠠ ᠪᠣᠯᠣᠨ ᠬᠤᠯᠪᠣᠭᠳᠠᠯ ᠪᠦᠬᠦᠢ ᠰᠠᠬᠢᠯᠭ᠎ᠠ ᠲᠦᠷᠢᠮ ᠢ ᠴᠢᠩᠭ᠎ᠠ ᠬᠡᠷᠡᠭᠵᠢᠭᠦᠯᠵᠦ᠂ ᠡᠨᠡ ᠵᠢᠯ ᠤᠨ ᠴᠡᠷᠢᠭ | ᠡᠯᠰᠡᠬᠦ ᠠᠵᠢᠯ ᠤᠨ ᠠᠮᠵᠢᠯᠲᠠ ᠲᠠᠢ ᠪᠡᠶᠡᠯᠡᠭᠳᠡᠬᠦ ᠶᠢ ᠪᠠᠳᠤᠯᠠᠨ᠂ ᠴᠡᠷᠢᠭ ᠢ ᠬᠦᠴᠦᠷᠬᠡᠭᠵᠢᠭᠦᠯᠵᠦ ᠴᠡᠷᠢᠭ ᠢ | ᠮᠠᠨᠳᠤᠭᠤᠯᠬᠤ ᠳᠤ ᠨᠡᠩ ᠤᠯᠠᠨ ᠰᠢᠯᠢᠳᠡᠭ ᠴᠡᠷᠢᠭ ᠤᠨ ᠪᠠᠳᠤᠯᠠᠭ᠎ᠠ ᠶᠢ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ | ᠃ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠂ | ᠡᠯ᠎ᠡ ᠰᠤᠮᠤ ᠰᠢᠶᠠᠩ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠠᠷᠢᠭᠤᠨ ᠴᠢᠬᠡᠴᠢ ᠪᠠᠷ ᠴᠡᠷᠢᠭ | ᠡᠯᠰᠡᠬᠦ ᠠᠵᠢᠯ ᠤᠨ ᠬᠢᠨᠠᠭᠴᠢ ᠨᠠᠷ ᠬᠤᠷᠠᠯ ᠳᠤ ᠤᠷᠤᠯᠴᠠᠵᠠᠢ᠃ |