ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/12
    3 ᠰᠠᠷ᠎ᠠ ᠶᠢᠨ 11 ᠤ ᠡᠳᠦᠷ᠂ ᠴᠢᠶᠠᠨ ᠶᠢᠨ ᠭᠧᠦ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂  ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠰᠢᠩ ᠵᠦᠩ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ᠂  ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠤᠷᠤᠯᠴᠠᠪᠠ᠃ ᠬᠤᠷᠠᠯ ᠠᠴᠠ᠂ ᠡᠯ᠎ᠡ ᠲᠣᠰᠬᠤᠨ ᠤ ᠬᠢᠨ  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂  ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ  ᠠᠬᠢᠭᠤᠯᠤᠨ᠂ 2024 ᠣᠨ ᠤ ᠠᠵᠢᠯ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ᠃  ᠨᠢᠭᠡ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠨᠠᠷᠯᠢᠭ ᠮᠦᠷᠳᠡᠭᠡᠨ ᠪᠦᠲᠦᠮᠵᠢᠲᠡᠶ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠬᠠᠤᠯᠢ ᠲᠦᠷᠢᠮ ᠤᠨ ᠤᠬᠠᠭᠤᠯᠭ᠎ᠠ ᠶᠢᠨ ᠡᠷᠴᠢᠮ ᠢ  ᠴᠢᠩᠭᠠᠷᠠᠭᠤᠯᠤᠨ᠂ ᠬᠠᠮᠢᠶ᠎ᠠ ᠪᠦᠬᠦᠢ ᠬᠠᠤᠯᠢ ᠲᠦᠷᠢᠮ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ  ᠰᠠᠶᠢᠨ ᠬᠢᠵᠦ᠂ ᠲᠠᠷᠢᠶᠠᠴᠢᠨ ᠡᠷᠦᠬᠡ ᠶᠢ ᠵᠢᠯᠤᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃  ᠬᠤᠶᠠᠷ ᠲᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠬᠦᠢᠴᠡᠳᠭᠡᠬᠦ ᠠᠵᠢᠯ ᠤᠨ ᠴᠢᠬᠤᠯᠠ ᠦᠢᠯᠡᠳᠦᠯ ᠢ  ᠪᠠᠳᠠᠷᠠᠭᠤᠯᠤᠨ᠂  ︽ᠹᠧᠩᠴᠢᠶᠤᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠰᠤᠷᠤᠯᠴᠠᠨ ᠲᠡᠯᠬᠡᠷᠡᠬᠦᠯᠵᠦ᠂ ᠵᠥᠷᠢᠴᠡᠯ ᠢ ᠦᠨᠳᠦᠰᠦᠨ ᠱᠠᠲᠤᠨ ᠳᠤᠨᠢ  ᠠᠷᠢᠯᠭᠠᠨ᠂ ᠪᠠᠭ᠎ᠠ ᠶᠠᠪᠤᠳᠠᠯ ᠢ ᠲᠤᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ ᠪᠠᠶᠢᠯᠭᠠᠨ᠎ᠠ᠃    ᠭᠤᠷᠪᠠ ᠳᠤ ᠠᠶᠤᠯᠭᠦᠢ ᠦᠢᠯᠡᠳᠪᠦᠷᠢᠯᠡᠯ ᠢ ᠪᠠᠲᠤᠳᠬᠠᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ᠂ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠮᠤᠷ ᠲᠦᠪᠰᠢᠨ ᠤ ᠠᠰᠠᠭᠤᠳᠠᠯ ᠢ ᠶᠡᠬᠡᠪᠡᠷ  ᠪᠠᠶᠢᠴᠠᠭᠠᠨ ᠴᠡᠭᠴᠡᠯᠡᠵᠦ᠂  ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠠᠭᠠᠵᠠᠯᠠᠬᠤ ᠪᠠᠨ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠪᠤᠷ ᠤᠨ ᠤᠯᠠᠷᠢᠯ ᠤᠨ ᠡᠬᠢᠯᠡᠯᠲᠡ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠢ᠃ ᠪᠥᠬᠦ ᠪᠠᠯᠭᠠᠰᠤ ᠪᠠᠷ ᠢᠶᠠᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠵᠠᠬᠢᠳᠠᠯ ᠰᠣᠷᠪᠤᠯᠵᠢᠯᠠᠭ᠎ᠠ᠂ ᠲᠠᠷᠢᠶᠠᠨ ᠭᠠᠵᠠᠷ  ᠤᠨ ᠬᠠᠮᠠᠭᠠᠯᠠᠯᠳᠠ᠂ ᠲᠠᠷᠢᠶᠠᠯᠠᠩ ᠮᠠᠯ ᠠᠵᠤ ᠠᠬᠤᠢ ᠵᠡᠷᠭᠡ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠡᠯ᠎ᠡ ᠲᠦᠷᠦᠯ ᠤᠨ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ  ᠨᠢᠭᠡᠳᠭᠡᠨ᠂ ᠵᠢᠯ ᠤᠨ ᠡᠬᠢᠨ ᠤ ᠠᠵᠢᠯ ᠳᠤ ᠰᠠᠶᠢᠨ ᠰᠠᠭᠤᠷᠢ ᠶᠢ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号