ᠲᠠᠢ ᠰᠢ ᠲᠡᠮᠦᠷ ᠵᠠᠮ ᠤᠨ ᠲᠥᠷᠥᠯ ᠵᠦᠢᠯ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/3/13
  3 ᠰᠠᠷ᠎ᠠ ᠶᠢᠨ 11 ᠤ ᠡᠳᠦᠷ᠂   ᠲᠠᠢ ᠰᠢ ᠲᠡᠮᠦᠷ ᠵᠠᠮ ᠤᠨ  ᠪᠦᠳᠦᠭᠡᠨ ᠪᠠᠶᠢᠭᠤᠯᠤᠯᠲᠠ ᠶᠢ ᠲᠠᠭᠠᠭᠠᠴᠢᠯᠠᠭᠰᠠᠨ ᠨᠢᠭᠡᠴᠡ ᠪᠤᠯᠬᠤ ᠪᠡᠭᠡᠵᠢᠩ ᠤᠨ ᠲᠡᠮᠦᠷ ᠵᠠᠮ ᠤᠨ ᠲᠤᠪᠴᠢᠶᠠᠨ ᠤ ᠪᠦᠯᠦᠭᠯᠡᠯᠳᠦ ᠺᠣᠮᠫᠠᠨᠢ᠂  ᠬᠦᠬᠡᠬᠤᠳᠠ ᠶᠢᠨ ᠲᠡᠮᠦᠷ ᠵᠠᠮ ᠤᠨ ᠲᠤᠪᠴᠢᠶᠠᠨ ᠤ ᠪᠦᠯᠦᠭᠯᠡᠯᠳᠦ ᠺᠣᠮᠫᠠᠨᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠ ᠸᠧᠨ ᠽᠥᠩ ᠵᠡᠷᠭᠡ ᠬᠦᠮᠦᠰ  ᠲᠠᠢ ᠰᠢ ᠲᠡᠮᠦᠷ ᠵᠠᠮ ᠤᠨ  ᠲᠠᠶᠢᠹᠤᠰᠧ ᠳᠠᠬᠢ ᠦᠷᠳᠡᠭᠡᠨ ᠤ ᠪᠠᠷᠢᠯᠭ᠎ᠠ ᠶᠢᠨ ᠠᠬᠤᠢ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠭᠤᠷᠪᠠᠨ ᠲᠠᠯ᠎ᠠ ᠪᠠᠷ ᠢᠶᠠᠨ ᠲᠠᠢ ᠰᠢ ᠲᠡᠮᠦᠷ ᠵᠠᠮ ᠤᠨ ᠲᠦᠷᠦᠯ ᠵᠦᠢᠯ ᠤᠨ ᠪᠠᠶᠢᠭᠤᠯᠤᠯᠲᠠ᠂ ᠣᠷᠣᠰᠢᠵᠤ ᠪᠠᠶᠢᠭ᠎ᠠ ᠠᠰᠠᠭᠤᠳᠠᠯ᠂ ᠳᠠᠷᠠᠭᠠᠴᠢ ᠶᠢᠨ ᠠᠯᠬᠤᠮ ᠤᠨ ᠲᠥᠯᠥᠪᠯᠡᠭᠡ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠭᠰᠠᠨ ᠪᠠᠶᠢᠨ᠎ᠠ᠃ ᠬᠤᠷᠠᠯ ᠲᠡᠭᠡᠷ᠎ᠡ  ᠂ ᠲᠠᠢ ᠰᠢ ᠲᠡᠮᠦᠷ ᠵᠠᠮ   ᠨᠢ ᠣᠷᠣᠨ ᠪᠦᠰᠡ ᠶᠢᠨ ᠴᠢᠨᠠᠷᠲᠠᠢ ᠭᠤᠣᠯ ᠱᠤᠭᠤᠮ ᠪᠠᠶᠢᠵᠤ᠂ ᠰᠢᠯᠢ ᠶᠢᠨ ᠭᠤᠣᠯ ᠠᠶᠢᠮᠠᠭ᠂ ᠴᠢᠭᠤᠯᠤᠯᠲᠤ ᠬᠠᠭᠠᠯᠭ᠎ᠠ ᠶᠢᠨ ᠬᠤᠶᠢᠲᠤ ᠬᠡᠰᠡᠭ ᠤᠨ ᠭᠠᠵᠠᠷ ᠣᠷᠣᠨ ᠪᠣᠯᠣᠨ ᠨᠡᠶᠢᠰᠯᠡᠯ ᠪᠡᠭᠡᠵᠢᠩ᠂  ᠬᠥᠬᠡᠬᠤᠲᠠ ᠶᠢᠨ ᠬᠤᠭᠤᠷᠣᠨᠳᠣᠬᠢ ᠠᠶᠠᠨᠴᠢᠳ ᠤᠨ ᠵᠥᠭᠡᠭᠡᠪᠦᠷᠢ ᠶᠢᠨ ᠲᠦᠷᠭᠡᠨ ᠵᠠᠮ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠰᠢᠯᠢ ᠶᠢᠨ ᠭᠤᠣᠯ ᠠᠶᠢᠮᠠᠭ᠂ ᠴᠢᠭᠤᠯᠤᠯᠲᠤ ᠬᠠᠭᠠᠯᠭ᠎ᠠ ᠶᠢᠨ ᠬᠤᠶᠢᠲᠤ ᠬᠡᠰᠡᠭ ᠠᠴᠠ ᠪᠡᠭᠡᠵᠢᠩ ᠳᠤ ᠣᠷᠣᠬᠤ ᠲᠡᠮᠦᠷ ᠵᠠᠮ ᠤᠨ ᠬᠤᠭᠤᠰᠤᠨ ᠢ ᠨᠥᠬᠦᠪᠦᠷᠢᠯᠡᠵᠦ᠂ ᠰᠢᠯᠢ ᠶᠢᠨ ᠭᠤᠣᠯ ᠠᠶᠢᠮᠠᠭ ᠤᠨ ᠠᠶᠠᠨᠴᠢᠳ ᠤᠨ ᠶᠠᠪᠤᠵᠤ ᠰᠠᠭᠤᠬᠤ ᠨᠥᠬᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠤᠨ᠂ ᠪᠡᠭᠡᠵᠢᠩ ᠲᠢᠶᠠᠨᠵᠢᠨ ᠾᠧᠪᠧᠢ ᠶᠢᠨ ᠪᠠᠷᠠᠭᠤᠨ ᠬᠤᠶᠢᠨᠠᠬᠢ ᠠᠮᠢ ᠠᠬᠤᠢ ᠶᠢᠨ ᠬᠥᠭᠵᠢᠯᠲᠡ ᠶᠢᠨ ᠪᠦᠰᠡ ᠬᠢᠭᠡᠳ ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠳᠤᠨ ᠬᠥᠭᠵᠢᠬᠦ ᠴᠢᠬᠤᠯᠠ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠪᠤᠯᠬᠤ ᠶᠤᠮ᠃  ᠡᠶᠢᠮᠦ ᠠᠴᠠ ᠲᠠᠢ ᠰᠢ ᠲᠡᠮᠦᠷ ᠵᠠᠮ ᠤᠨ ᠳᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠦᠨᠡᠨᠬᠦ ᠰᠠᠶᠢᠨ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ  ᠢᠯᠡᠬᠦᠦ ᠪᠤᠳᠠᠳᠠᠶᠢᠵᠢᠭᠤᠯᠤᠨ᠂ 2024 ᠣᠨ ᠤ 4 ᠰᠠᠷ᠎ᠠ ᠳᠤ ᠲᠠᠢ ᠰᠢ ᠲᠡᠮᠦᠷ ᠵᠠᠮ  ᠤᠨ ᠥᠪᠥᠷ ᠮᠣᠩᠭᠤᠯ ᠳᠠᠬᠢ ᠬᠡᠰᠡᠭ ᠤᠨ ᠠᠵᠢᠯ ᠢ ᠤᠷᠤᠭᠰᠢᠲᠠᠢ ᠰᠡᠷᠬᠦᠬᠡᠵᠦ᠂ ᠳᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃     ᠳᠠᠷᠠᠭᠠᠴᠢ ᠶᠢᠨ ᠠᠯᠬᠤᠮ ᠳᠤ᠂ ᠭᠤᠷᠪᠠᠨ ᠲᠠᠯ᠎ᠠ ᠪᠠᠷ ᠢᠶᠠᠨ ᠬᠠᠷᠢᠯᠴᠠᠭ᠎ᠠ ᠵᠣᠯᠭᠠᠯᠴᠠᠭ᠎ᠠ ᠪᠠᠨ ᠤᠯᠠᠮ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠲᠤᠭᠳᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠪᠠᠳᠤᠯᠠᠬᠤ ᠪᠠᠷ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ᠂ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠴᠢᠶᠠᠨ ᠶᠢᠨ ᠭᠧᠦ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号