ᠬᠤᠩ ᠴᠢ ᠪᠠᠯᠭᠠᠰᠤ ︽ᠤᠢ ᠰᠢᠭᠤᠢ ᠶᠢᠨ ᠳᠠᠷᠤᠭ᠎ᠠ ᠶᠢᠨ ᠳᠦᠷᠢᠮ︾  ᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/13
   ︽ᠲᠠᠶᠢᠹᠤᠰᠧ ᠬᠤᠰᠢᠭᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠦᠰᠦᠪ︾ ᠢ ᠭᠦᠨᠵᠡᠭᠡᠢ ᠲᠤᠤᠱᠯᠠᠭᠤᠯᠵᠤ᠂  ᠲᠤᠰ ᠪᠠᠯᠭᠠᠰᠤᠨ ᠤ ᠪᠠᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠤᠯᠠᠮ  ᠪᠠᠲᠤᠲᠠᠢ ᠠᠬᠢᠭᠤᠯᠬᠤ ᠶᠢᠨ ᠲᠦᠯᠦᠭᠡ  ᠂ 3 ᠰᠠᠷ᠎ᠠ ᠶᠢᠨ 11 ᠤ ᠡᠳᠦᠷ ᠬᠤᠩ ᠴᠢ ᠪᠠᠯᠭᠠᠰᠤᠨ ᠤ ᠪᠠᠯᠭᠠᠰᠤᠨ ᠤ ᠲᠠᠰ ᠤᠨ ᠣᠶ ᠰᠢᠭᠤᠢ ᠶᠢᠨ ᠳᠠᠷᠤᠭ᠎ᠠ ᠰᠦᠨ ᠬᠠᠢ ᠹᠧᠩ   ᠠᠴᠠ ᠬᠤᠩ ᠴᠢ ᠪᠠᠯᠭᠠᠰᠤᠨ ᠤ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠯᠭᠠᠰᠤᠨ ᠤ ᠲᠠᠰ ᠤᠨ ᠳᠡᠳ᠋ ᠣᠶ ᠰᠢᠭᠤᠢ ᠶᠢᠨ ᠳᠠᠷᠤᠭ᠎ᠠ᠂ ᠲᠣᠰᠬᠤᠨ ᠤ ᠲᠠᠰ ᠤᠨ ᠣᠶ ᠰᠢᠭᠤᠢ ᠶᠢᠨ ᠳᠠᠷᠤᠭ᠎ᠠ᠂ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ ᠪᠦᠬᠦ ᠪᠠᠯᠭᠠᠰᠤᠨ ᠤ 2023 ᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠳ᠋ᠦᠩᠨᠡᠵᠦ᠂ ᠣᠯᠣᠭᠰᠠᠨ ᠠᠮᠵᠢᠯᠲᠠ ᠶᠢ ᠨᠤᠲᠠᠯᠠᠭᠰᠠᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠨ᠂ ᠳᠠᠷᠠᠭᠠᠴᠢ ᠶᠢᠨ ᠱᠠᠲᠤᠨ ᠤ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠰᠦᠨ ᠬᠠᠢ ᠹᠧᠩ ᠴᠢᠬᠤᠯᠠᠴᠢᠯᠠᠬᠤ ᠳᠠᠭᠠᠨ᠂  ᠡᠯ᠎ᠡ ᠱᠠᠲᠤᠨ   ᠤ ᠤᠢ ᠰᠢᠭᠤᠢ ᠶᠢᠨ ᠳᠠᠷᠤᠭ᠎ᠠ ᠨᠠᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭᠳᠠᠨ ᠪᠠᠶᠢᠴᠠᠭᠠᠬᠤ ᠠᠵᠢᠯ ᠢ ᠦᠷᠨᠢᠬᠦᠯᠦᠨ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠭᠠᠵᠠᠷ ᠣᠷᠣᠨ ᠳᠤ ᠴᠢᠭᠯᠡᠬᠦᠯᠵᠦ  ᠪᠠᠶᠢᠴᠠᠭᠠᠯᠳᠠ ᠶᠢᠨ ᠡᠷᠴᠢᠮ ᠢᠶᠠᠨ ᠨᠡᠮᠡᠭᠳᠡᠭᠦᠯᠦᠨ᠂ ᠭᠤᠣᠯᠳᠠᠯᠭ᠎ᠠ ᠲᠠᠢ ᠠᠰᠠᠭᠤᠳᠠᠯ  ᠬᠦᠴᠢᠷ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠲᠣᠰᠬᠤᠨ ᠤ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠨ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠬᠦᠯᠵᠦ᠂ ᠦᠵᠡᠯ ᠰᠠᠨᠠᠭᠠᠨ ᠤ ᠲᠠᠯ᠎ᠠ ᠪᠠᠷ  ᠲᠠᠶᠢᠪᠤᠰᠢᠷᠠᠬᠤ᠂ ᠰᠣᠨᠣᠷ ᠰᠡᠷᠡᠮᠵᠢ ᠶᠢᠨ ᠲᠠᠯ᠎ᠠ ᠪᠠᠷ ᠰᠤᠯᠠᠷᠠᠬᠤ  ᠶᠢ ᠡᠷᠡᠰ ᠴᠡᠭᠡᠷᠯᠡᠨ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃  ᠡᠯ᠎ᠡ ᠲᠣᠰᠬᠤᠨ ᠤ ᠬᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠮᠥᠰ ᠢ ᠵᠤᠬᠢᠶᠠᠨ ᠪᠠᠶᠢᠭᠤᠯᠵᠤ᠂ ᠲᠣᠰᠬᠤᠨ ᠱᠠᠳᠤᠨ ᠤ ᠡᠳᠦᠷ ᠲᠤᠳᠤᠮ ᠤᠨ ᠴᠠᠭᠳᠠᠨ ᠪᠠᠶᠢᠴᠠᠭᠠᠬᠤ ᠠᠵᠢᠯ  ᠢ ᠰᠠᠶᠢᠨ ᠬᠢᠬᠦ ᠶᠢᠨ ᠬᠠᠮᠳᠤ᠂ ᠤᠢ ᠰᠢᠭᠤᠢ ᠶᠢᠨ ᠭᠠᠯ ᠲᠦᠢᠮᠡᠷ ᠢ ᠡᠷᠡᠰ ᠰᠡᠷᠭᠡᠶᠢᠯᠡᠵᠦ᠂  ᠭᠠᠯ ᠰᠡᠷᠭᠡᠶᠢᠯᠡᠬᠦ ᠡᠬᠦᠷᠭᠡ ᠬᠠᠷᠢᠭᠤᠴᠠᠯᠭ᠎ᠠ ᠶᠢ ᠬᠥᠮᠥᠨ ᠨᠢᠬᠡᠪᠦᠷᠢ ᠳᠤ ᠨᠠᠶᠢᠳᠠᠪᠤᠷᠢᠵᠢᠭᠤᠯᠤᠨ᠂ ᠪᠥᠬᠦ ᠪᠠᠯᠭᠠᠰᠤᠨ ᠤ ᠣᠶ ᠰᠢᠭᠤᠢ ᠨᠤᠲᠤᠭ ᠪᠡᠯᠴᠢᠭᠡᠷ ᠲᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号