ᠯᠥᠸᠧ ᠲᠦᠸᠧ ᠱᠠᠨ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/3/13
   ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ  ᠤᠨ ᠲᠧᠯᠸᠢᠰ ᠬᠤᠷᠠᠯᠳᠤᠭᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ  ᠶᠢ ᠤᠯᠠᠮ ᠨᠠᠷᠢᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ  ᠶᠢᠨ 12  ᠤᠨ ᠡᠳᠦᠷ ᠯᠥᠸᠧ ᠲᠦᠸᠧ ᠱᠠᠨ ᠪᠠᠯᠭᠠᠰᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠲᠤᠬᠠᠢ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠪᠡ᠃  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠭᠡᠰᠢᠬᠦᠨ᠂  ᠪᠠᠯᠭᠠᠰᠤᠨ ᠳᠠᠷᠤᠭ᠎ᠠ ᠰᠢᠨ ᠷᠦᠨ ᠵᠢᠶᠠᠩ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ  ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ  ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠬᠤᠷᠠᠯᠳᠤᠭᠠᠨ ᠤ ᠵᠣᠷᠢᠭ ᠰᠠᠨᠠᠭ᠎ᠠ᠂ ᠠᠶᠤᠯᠭᠦᠢ ᠦᠢᠯᠡᠳᠪᠦᠷᠢᠯᠡᠯ  ᠤᠨ ᠠᠵᠢᠯ  ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ᠂ ᠠᠶᠤᠯᠭᠦᠢ ᠦᠢᠯᠡᠳᠪᠦᠷᠢᠯᠡᠯ  ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ  ᠭᠦᠨᠵᠡᠭᠡᠢ ᠪᠥᠭᠡᠳ ᠣᠶᠢᠯᠠᠭᠠᠮᠵᠢᠲᠠᠢ᠂ ᠵᠢᠯᠤᠭᠤᠳᠬᠤ ᠴᠢᠨᠠᠷ ᠢᠶᠠᠷ ᠴᠢᠩᠭ᠎ᠠ ᠬᠢᠴᠢᠶᠡᠯ ᠲᠠᠶᠢᠯᠤᠮᠵᠢ ᠬᠢᠭᠰᠡᠨ ᠪᠠᠶᠢᠨ᠎ᠠ᠃  ᠬᠤᠷᠠᠯ ᠤᠨ ᠲᠠᠷᠠᠭ᠎ᠠ᠂  ᠤᠯᠠᠨ ᠢᠶᠠᠷ ᠢᠶᠠᠨ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ ᠳᠤ ᠪᠠᠶᠢᠩᠭᠤ ᠲᠣᠬᠢᠶᠠᠯᠳᠤᠬᠤ ᠠᠰᠠᠭᠤᠳᠠᠯ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠵᠠᠢ᠃ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠨᠢ  ᠬᠤᠷᠠᠯ ᠳᠤ ᠣᠷᠣᠯᠴᠠᠭᠰᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠴᠢᠩᠭᠠᠳᠬᠠᠵᠤ᠂ ᠠᠮᠤᠷ ᠲᠦᠪᠰᠢᠨ ᠬᠦᠭᠵᠢᠯᠳᠡ ᠶᠢᠨ ᠣᠶᠢᠯᠠᠭᠠᠭᠳᠠᠬᠤᠨ ᠢ  ᠪᠠᠳᠤᠳᠬᠠᠭᠠᠳ᠂ ᠤᠯᠠᠨ ᠢᠶᠠᠷ ᠢᠶᠠᠨ ᠪᠦᠷ ︽ᠴᠠᠭ ᠢᠮᠠᠭᠲᠠ ᠰᠠᠨᠠᠭ᠎ᠠ  ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠪᠠ  ᠪᠠᠳᠤ ᠴᠢᠩᠭ᠎ᠠ ᠤᠪᠤᠷ ᠰᠤᠷᠲᠠᠯ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠨ᠎ᠡ ᠭᠡᠵᠦ ᠢᠳᠡᠭᠡᠯ ᠵᠤᠷᠢᠭ ᠢᠶᠠᠨ ᠢᠯᠡᠷᠭᠡᠶᠢᠯᠡᠵᠡᠭᠡᠪᠡ᠃     ᠵᠠᠩ ᠹᠠᠩ ᠱᠠᠨ ᠲᠣᠰᠬᠤᠨ ᠤ ᠨᠠᠮ ᠤᠨ ᠡᠭᠦᠷ ᠤᠨ ᠱᠦᠵᠢ ᠵᠠᠩ ᠯᠢᠨ ᠸᠠᠩ  ᠄ ︽ᠥᠨᠥᠳᠥᠷ ᠤᠨ ᠤᠬᠠᠭᠤᠯᠭ᠎ᠠ ᠲᠠᠶᠢᠯᠤᠮᠵᠢ ᠶᠢ ᠰᠤᠨᠤᠰᠤᠭᠠᠳ ᠪᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠤᠯᠤᠭᠰᠠᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠴᠢᠩᠭ᠎ᠠ ᠨᠢᠮᠪᠠᠢ ᠠᠳᠬᠤᠨ᠂ ᠦᠨᠡᠨ ᠪᠣᠳᠠᠲᠠᠢ  ᠠᠵᠢᠯ ᠤᠨ ᠪᠦᠳᠦᠮᠵᠢ ᠪᠠᠷ ᠢᠶᠠᠨ ᠠᠷᠠᠳ ᠢᠷᠭᠡᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号