︽ᠰᠢᠨ᠎ᠡ ᠴᠠᠭ ᠦᠶ᠎ᠡ ᠶᠢᠨ ᠯᠧᠢ  ᠹᠧᠩ ᠤᠨ ᠦᠯᠢᠭᠡᠷ ᠢ ᠪᠢᠴᠢᠭᠯᠡᠬᠦ︾  — ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠪᠢᠶᠠᠨ ᠴᠢᠶᠠᠩ ᠲᠣᠰᠬᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/3/14
    3 ᠰᠠᠷ᠎ᠠ   ᠶᠢᠨ 13 ᠤ ᠡᠳᠦᠷ  ᠂ ︽ᠰᠢᠨ᠎ᠡ ᠴᠠᠭ ᠦᠶ᠎ᠡ ᠶᠢᠨ ᠯᠧᠢ ᠹᠧᠩ ᠤᠨ ᠦᠯᠢᠭᠡᠷ ᠢ ᠪᠢᠴᠢᠭᠯᠡᠬᠦ︾ ᠤᠳᠬ᠎ᠠ ᠤᠷᠠᠯᠢᠭ ᠤᠨ ᠰᠠᠶᠢᠨ ᠳᠤᠷ᠎ᠠ   ᠶᠢᠨ ᠦᠢᠯᠡᠴᠢᠯᠡᠭᠡ ᠲᠠᠶᠢᠹᠤᠰᠧ ᠬᠤᠰᠢᠭᠤᠨ ᠤ ᠪᠢᠶᠠᠨ ᠴᠢᠶᠠᠩ ᠲᠣᠰᠬᠤᠨ ᠳᠤ  ᠶᠠᠪᠤᠭᠳᠠᠵᠠᠢ᠃ ᠠᠵᠢᠯᠯᠠᠭᠠᠨ ᠤ ᠲᠤᠮᠳᠠ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠪᠢᠶᠠᠨ ᠴᠢᠶᠠᠩ ᠲᠣᠰᠬᠤᠨ ᠳᠤ  300 ᠭᠠᠷᠤᠢ ᠳᠡᠪᠲᠡᠷ ᠨᠣᠮ ᠪᠢᠴᠢᠭ ᠬᠦᠷᠭᠡᠭᠰᠡᠨ ᠤ ᠬᠠᠮᠲᠤ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ᠂      ᠰᠢᠯᠢ ᠶᠢᠨ ᠭᠤᠣᠯ ᠠᠶᠢᠮᠠᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠲᠡᠷᠢᠭᠦᠯᠡᠭᠴᠢ ᠭᠤᠤ ᠯᠦᠩ ᠤᠨ  ᠪᠦᠲᠦᠭᠡᠯ ︽ᠦᠵᠡᠰᠬᠦᠯᠡᠩᠳᠦ ᠰᠠᠶᠢᠬᠠᠨ ᠬᠦᠳᠡᠭᠡ ᠲᠣᠰᠬᠤᠨ︾᠂  ᠤᠷᠠᠨ ᠵᠢᠷᠤᠭᠴᠢᠨ ᠯᠢᠦ ᠢ ᠫᠧᠩ ᠤᠨ ᠪᠦᠲᠦᠭᠡᠯ ︽ᠤᠮᠠᠷᠠᠲᠤ ᠬᠢᠯᠢ ᠶᠢᠨ ᠥᠷᠯᠥᠭᠡ ᠶᠢᠨ ᠤᠶᠠᠩᠭ᠎ᠠ︾ ᠶᠢ ᠪᠡᠯᠡᠭᠯᠡᠭᠰᠡᠨ ᠪᠠᠶᠢᠨ᠎ᠠ᠃ ᠡᠨᠡ ᠬᠤᠶᠠᠷ ᠪᠦᠲᠦᠭᠡᠯ ᠨᠢ ᠪᠦᠷ ᠪᠢᠶᠠᠨ ᠴᠢᠶᠠᠩ ᠲᠣᠰᠬᠤᠨ ᠢᠶᠠᠷ ᠰᠡᠳᠦᠪᠯᠡᠵᠦ᠂  ᠪᠢᠶᠠᠨ ᠴᠢᠶᠠᠩ ᠲᠣᠰᠬᠤᠨ ᠤ ᠪᠠᠶᠢᠭᠠᠯᠢ ᠤᠷᠴᠢᠨ ᠤ ᠭᠤᠸ᠎ᠠ ᠰᠠᠶᠢᠬᠠᠨ᠂ ᠡᠶ᠎ᠡ ᠵᠣᠬᠢᠴᠠᠯ ᠤᠨ ᠭᠤᠸ᠎ᠠ ᠰᠠᠶᠢᠬᠠᠨ ᠪᠠ ᠬᠥᠭᠵᠢᠯᠲᠡ ᠶᠢᠨ ᠭᠤᠸ᠎ᠠ ᠰᠠᠶᠢᠬᠠᠨ ᠢ ᠭᠦᠢᠴᠡᠳ ᠢᠯᠡᠷᠡᠭᠦᠯᠦᠭᠰᠡᠨ ᠪᠠᠶᠢᠪᠠ᠃ ᠳᠠᠷᠠᠭ᠎ᠠ ᠳᠤᠨᠢ᠂  ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠂ ᠲᠠᠶᠢᠹᠤᠰᠧ ᠬᠤᠰᠢᠭᠤᠨ ᠤ ᠱᠠᠨ ᠰᠢ ᠵᠦᠴᠦᠭᠡ ᠶᠢᠨ ᠪᠦᠯᠬᠦᠮ ᠵᠢᠴᠢ ᠳᠤᠮᠳᠠᠳᠤ ᠤᠯᠤᠰ ᠤᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠶᠠᠩ ᠢᠦᠢ ᠬᠠᠢ᠂  ᠬᠥᠬᠡᠬᠤᠲᠠ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠵᠠᠯᠠᠭᠤ ᠬᠥᠭᠵᠢᠮ ᠤᠨ ᠵᠣᠬᠢᠶᠠᠯᠴᠢ ᠯᠢᠦ ᠦ᠋ ᠪᠢᠨ ᠨᠠᠷ ᠠᠴᠠ  ᠦᠪᠡᠷ ᠦᠪᠡᠷ ᠤᠨ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂  ᠦᠵᠡᠭᠴᠢ ᠲᠦᠮᠡᠨ ᠢ ᠪᠠᠶᠠᠰᠬᠠᠭᠰᠠᠨ ᠪᠦᠭᠡᠳ ᠤᠷᠠᠨ ᠵᠢᠷᠤᠭᠴᠢᠳ᠂ ᠤᠷᠠᠨ ᠪᠢᠴᠢᠯᠭᠡᠳᠡᠳ᠂ ᠭᠡᠷᠡᠯ ᠵᠢᠷᠤᠭᠴᠢᠳ ᠠᠴᠠ ᠲᠣᠰᠬᠤᠨ ᠤ ᠠᠷᠠᠳ ᠲᠤ ᠲᠤᠰᠬᠠᠢ ᠮᠡᠷᠭᠡᠵᠢᠯ ᠤᠨ ᠬᠠᠮᠢᠶᠠᠳᠠᠢ ᠦᠢᠯᠡᠴᠢᠯᠡᠭᠡ ᠪᠠ ᠵᠢᠯᠣᠭᠤᠳᠤᠯᠭ᠎ᠠ ᠬᠠᠩᠭᠠᠪᠠ  ᠃     ᠡᠨᠡ ᠤᠳᠠᠭᠠᠨ ᠤ ᠠᠵᠢᠯᠯᠠᠭ᠎ᠠ   ᠶᠢ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠯᠢ   ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ ᠡᠷᠭᠢᠯᠡᠵᠦ᠂  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠶᠢᠹᠦᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠳᠠᠭᠠᠭᠠᠴᠢᠯᠠᠨ ᠡᠷᠬᠢᠯᠡᠭᠡᠳ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠫᠧᠩ ᠱᠣᠸ ᠹᠧᠨ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠹᠧᠩ ᠯᠢ ᠬᠤᠶ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠵᠢᠴᠢ ᠠᠶᠢᠮᠠᠭ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠰᠠᠶᠢᠨ ᠲᠤᠷᠠᠳᠠᠳ᠂ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠶᠢᠮᠠᠭ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠬᠦᠭᠵᠢᠬᠦᠯᠦᠯᠳᠡ ᠶᠢᠨ ᠲᠥᠪ᠂ ᠲᠠᠶᠢᠹᠤᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ᠂ ᠤᠯᠠᠭᠠᠨᠮᠥ᠋ᠴᠢᠷ ᠪᠠ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠡᠰᠢᠬᠦᠳ ᠨᠡᠶᠢᠲᠡ 60 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号