ᠲᠠᠶᠢᠹᠤᠰᠧ ᠬᠤᠰᠢᠭᠤᠨ ᠤ ᠬᠢᠨ ︽  ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠎ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/3/15
    ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠎ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢᠨ ᠲᠦᠯᠦᠭᠡ᠂   3.15᠎ ᠤ ᠡᠳᠦᠷ ᠲᠠᠶᠢᠹᠤᠰᠧ ᠬᠤᠰᠢᠭᠤᠨ ᠤ ᠬᠢᠨ ︽ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠠᠬᠤᠢ ᠲᠠᠯᠠᠪᠠᠢ ᠳᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂  ᠬᠠᠭᠤᠷᠮᠠᠭ ᠮᠠᠭᠤ ᠲᠠᠸᠠᠷ ᠢ ᠳᠡᠯᠭᠡᠨ ᠦᠵᠡᠭᠦᠯᠬᠦ᠂ ᠣᠯᠠᠨ ᠲᠦᠮᠡᠨ ᠤ ᠵᠠᠭᠠᠯᠳᠤᠯᠭ᠎ᠠ ᠶᠢ ᠭᠥᠯᠢᠶᠡᠨ ᠠᠪᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠢ ᠢᠯᠭᠠᠨ ᠲᠠᠨᠢᠬᠤ ᠠᠷᠭ᠎ᠠ ᠶᠢ ᠲᠠᠶᠢᠯᠪᠤᠷᠢᠯᠠᠨ᠂ ᠬᠡᠷᠡᠭᠯᠡᠭᠴᠢᠳ ᠤᠨ ᠢᠯᠭᠠᠨ ᠲᠠᠨᠢᠬᠤ ᠴᠢᠳᠠᠪᠤᠷᠢ ᠪᠠ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠲᠠᠨᠢᠯᠳᠠ ᠶᠢ ᠲᠡᠭᠡᠭᠰᠢᠯᠡᠬᠦᠯᠦᠭᠰᠡᠨ ᠪᠠᠶᠢᠨ᠎ᠠ  ᠃  ᠠᠵᠢᠯᠯᠠᠭᠠᠨ ᠤ ᠲᠤᠮᠳᠠ᠂ ᠡᠯ᠎ᠡ ᠵᠦᠢᠯ ᠤᠨ ᠤᠬᠠᠭᠤᠯᠭ᠎ᠠ  ᠎ ᠶᠢᠨ ᠮᠠᠲ᠋ᠧᠷᠢᠶᠠᠯ  ᠎ ᠢ ᠨᠡᠶᠢᠲᠡ 1200 ᠭᠠᠷᠤᠢ ᠬᠤᠪᠢ ᠲᠠᠷᠬᠠᠭᠠᠵᠤ᠂ ᠬᠡᠷᠡᠭᠯᠡᠭᠴᠢᠳ ᠤᠨ ᠠᠰᠠᠭᠤᠯᠳᠠ ᠯᠠᠪᠯᠠᠯᠲᠠ  ᠎ ᠶᠢ 57 ᠤᠳᠠᠭ᠎ᠠ ᠬᠦᠯᠢᠶᠡᠨ ᠠᠪᠴᠠᠢ᠃  ᠤᠬᠠᠭᠤᠯᠭ᠎ᠠ ᠶᠢᠨ ᠠᠵᠢᠯᠯᠠᠭ᠎ᠠ ᠲᠠᠭᠤᠰᠤᠭᠰᠠᠨ ᠤ ᠳᠠᠷᠠᠭ᠎ᠠ᠂ 2023 ᠣᠨ ᠳᠤ ᠬᠠᠤᠯᠢ ᠶᠣᠰᠣᠭᠠᠷ ᠪᠠᠶᠢᠴᠠᠭᠠᠨ ᠢᠯᠡᠷᠡᠬᠦᠯᠵᠦ ᠬᠤᠷᠢᠶᠠᠨ ᠠᠪᠤᠭᠰᠠᠨ ᠬᠠᠭᠤᠷᠮᠠᠭ ᠮᠠᠭᠤ ᠲᠠᠸᠠᠷ ᠪᠠ ᠬᠤᠭᠤᠴᠠᠭ᠎ᠠ ᠨᠢ ᠥᠩᠭᠡᠷᠡᠭᠰᠡᠨ ᠲᠠᠸᠠᠷ ᠢ ᠲᠥᠪᠯᠡᠷᠡᠭᠦᠯᠦᠨ ᠰᠢᠢᠳᠪᠦᠷᠢᠯᠡᠪᠡ᠃  ᠰᠠᠭᠤᠭᠠᠯᠢ ᠠᠷᠠᠳ ᠴᠧᠨ ᠠᠪᠤᠭᠠᠢ ︽︽ᠡᠨᠡᠬᠦ ᠠᠵᠢᠯᠯᠠᠭ᠎ᠠ ᠪᠠᠷ ᠲᠠᠮᠵᠢᠭᠠᠳ ᠪᠢᠳᠡᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠣᠯᠣᠨ ᠵᠢᠩᠬᠢᠨᠢ ᠬᠠᠭᠤᠷᠮᠠᠭ ᠲᠠᠸᠠᠷ ᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ ᠶᠡᠬᠡᠬᠡᠨ ᠠᠰᠢᠭ ᠲᠤᠰᠠ ᠬᠦᠷᠲᠡᠵᠡᠢ᠂ ᠡᠶᠢᠮᠦ ᠠᠵᠢᠯᠯᠠᠭ᠎ᠠ  ᠎ ᠶᠢ ᠢᠯᠡᠭᠦᠬᠡᠨ ᠥᠷᠨᠢᠭᠦᠯᠬᠦ  ᠎ ᠶᠢ ᠬᠦᠰᠡᠵᠦ ᠪᠠᠶᠢᠨ᠎ᠠ︾᠃     ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠡᠷᠡᠭᠯᠡᠭᠴᠢᠳ ᠤᠨ ᠡᠷᠬᠡ ᠠᠰᠢᠭ  ᠎ ᠢ ᠬᠠᠮᠠᠭᠠᠯᠠᠬᠤ ᠰᠠᠯᠠᠭᠠᠨ ᠤ ᠳᠠᠷᠤᠭ᠎ᠠ ᠶᠠᠩ ᠯᠢ ᠮᠢᠨ᠄ ︽2023 ᠣᠨ ᠳᠤ ᠮᠠᠨ ᠤ ᠲᠣᠪᠴᠢᠶ᠎ᠠ ᠨᠢ 448 ᠬᠤᠪᠢ ᠵᠠᠭᠠᠯᠳᠤᠯᠭ᠎ᠠ ᠶᠢ ᠰᠢᠢᠳᠪᠦᠷᠢᠯᠡᠵᠦ᠂ 64 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂  11 ᠲᠦᠮᠡ ᠭᠠᠷᠤᠢ ᠲᠥᠭᠦᠷᠢᠭ ᠤᠨ ᠠᠵᠤ ᠠᠬᠤᠢ  ᠎ ᠶᠢᠨ ᠬᠤᠬᠢᠷᠠᠯ  ᠎ ᠢ ᠡᠭᠡᠭᠦᠯᠦᠨ ᠠᠪᠴᠢᠷᠠᠵᠤ᠂ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤᠨ ᠲᠣᠪᠴᠢᠶ᠎ᠠ ᠎ ᠨᠢ ᠡᠯ᠎ᠡ ᠲᠥᠷᠥᠯ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠢᠳᠡᠪᠬᠢᠳᠡᠢ ᠥᠷᠨᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠷᠬᠡ ᠲᠡᠭᠰᠢ  ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠂  ᠦᠷᠭᠡᠨ ᠤᠯᠠᠨ ᠬᠡᠷᠡᠭᠯᠡᠭᠴᠢᠳ ᠲᠤ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号